ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠢ ᠪᠦᠦ ᠵᠢᠶᠦ᠋ᠨ ᠨᠡᠷ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/11
  6 ᠰᠠᠷ᠎ᠠ ᠶᠢᠨ 7 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠢ ᠪᠦᠦ ᠵᠢᠶᠦ᠋ᠨ ᠨᠡᠷ ᠮᠠᠨ ᠤ ᠬᠤᠰᠢᠭᠤᠨ ᠳᠤ ᠢᠷᠡᠵᠦ ︽ᠤᠯᠤᠰ ᠲᠥᠷᠥ ᠶᠢᠨ ᠵᠥᠪᠯᠡᠯᠭᠡᠨ+ ᠰᠢᠭᠦᠬᠦ ᠬᠤᠷᠢᠶᠠᠨ ᠤ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠵᠢᠷᠤᠮᠵᠢᠭᠤᠯᠬᠤ᠂ ᠳᠦᠷᠢᠮᠵᠢᠭᠦᠯᠬᠦ᠂ ᠪᠠᠶᠢᠩᠭᠤᠵᠢᠭᠤᠯᠬᠤ ᠪᠠᠶᠢᠭᠤᠯᠤᠯᠲᠠ ᠶᠢ ᠠᠬᠢᠭᠤᠯᠬᠤ︾ ᠬᠠᠮᠢᠶ᠎ᠠ ᠪᠥᠬᠦᠶ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠣᠣ ᠬᠤᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠢᠤᠢ ᠪᠦᠦ ᠵᠢᠶᠦ᠋ᠨ ᠨᠡᠷ ᠤᠷᠢᠳ ᠬᠤᠵᠢᠳ ᠺᠸᠦ ᠾᠧᠽᠢ ᠶᠢᠨ ᠠᠷᠠᠳ ᠤᠨ ᠰᠢᠭᠦᠬᠦ ᠲᠢᠩᠬᠢᠮ᠂ ᠬᠦᠷᠢᠶ᠎ᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠥᠪ ᠲᠤ ᠭᠦᠨᠵᠡᠭᠡᠶᠢᠷᠡᠵᠦ᠂ ᠲᠤᠬᠠᠶ ᠶᠢᠨ ᠲᠠᠯᠠᠪᠠᠶ ᠳᠤ ︽ᠤᠯᠤᠰ ᠲᠥᠷᠥ ᠶᠢᠨ ᠵᠥᠪᠯᠡᠯᠭᠡᠨ +  ᠰᠢᠭᠦᠬᠦ ᠬᠤᠷᠢᠶ᠎ᠠ︾ ᠶᠢᠨ ᠣᠯᠠᠨ ᠡᠰᠢᠲᠦ ᠡᠶᠡᠳᠡᠭᠦᠯᠬᠦ ᠵᠠᠭᠪᠤᠷ ᠤᠨ ᠵᠢᠭᠤᠷᠠᠯᠳᠤᠭᠠᠨ ᠢ ᠰᠢᠢᠳᠪᠦᠷᠢᠯᠡᠵᠤ ᠬᠡᠷᠡᠭ ᠢ ᠭᠦᠢᠴᠡᠳᠭᠡᠭᠰᠡᠨ ᠪᠠᠶᠢᠳᠠᠯ᠂ ᠵᠠᠷᠭᠤ ᠶᠢᠨ ᠦᠢᠯᠡᠴᠢᠯᠡᠭᠡ᠂ ᠡᠩᠨᠡᠭᠡ ᠶᠢᠨ ᠪᠠᠶᠢᠭᠤᠯᠤᠯᠲᠠ᠂ ᠨᠢᠭᠡ ᠥᠷᠲᠡᠭᠡ ᠮᠠᠶ᠋ᠢᠭ ᠤᠨ ᠣᠯᠠᠨ ᠡᠰᠢᠲᠦ ᠠᠷᠭ᠎ᠠ ᠪᠠᠷ ᠵᠢᠭᠤᠷᠠᠯᠳᠤᠭᠠᠨ ᠢ ᠰᠢᠢᠳᠪᠦᠷᠢᠯᠡᠬᠦ ᠪᠠ ᠵᠠᠷᠭᠤ ᠶᠢᠨ ᠢᠷᠡᠯᠲᠡ ᠶᠢ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠰᠢᠤᠢ ᠪᠦᠦ ᠵᠢᠶᠦ᠋ᠨ ᠱᠠᠭᠠᠷᠳᠠᠭᠰᠠᠨ ᠨᠢ᠂ ᠬᠦᠷᠢᠶ᠎ᠡ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠳᠠᠪᠠᠭᠤᠯᠢᠭ ᠢ ᠦᠨᠡᠨ ᠬᠦ ᠪᠠᠳᠠᠷᠠᠭᠤᠯᠵᠤ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠢ  ᠯᠠᠪᠳᠠᠭᠤᠨ  ᠪᠠᠲᠤᠲᠠᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠠᠭ᠎ᠠ ᠡᠶᠡᠳᠡᠭᠦᠯᠭᠡ  ᠪᠠᠷ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠬᠦᠷᠢᠶ᠎ᠡ  ᠬᠤᠰᠢᠭᠤᠨ ᠤ  ᠦᠨᠳᠦᠰᠦᠨ ᠱᠠᠲᠤᠨ ᠤ ᠨᠡᠶᠢᠭᠡᠮ ᠤᠨ  ᠵᠠᠰᠠᠯᠲᠠ ᠶᠢᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号