6 ᠰᠠᠷ᠎ᠠ ᠶᠢᠨ 7 ᠤ ᠡᠳᠦᠷ᠂ ᠬᠤᠰᠢᠭᠤᠨ ᠤ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ | ᠨᠡᠶᠢᠭᠡᠮᠯᠢᠭ ᠬᠤᠲᠠ ᠶᠢᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮᠯᠢᠭ ᠤᠨ ᠬᠤᠭᠤᠴᠠᠭ᠎ᠠ | ᠰᠣᠯᠢᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠵᠢᠴᠢ ᠠᠵᠢᠯ ᠤᠨ ᠬᠤᠷᠠᠯ | ᠬᠤᠷᠠᠯᠳᠤᠭᠤᠯᠵᠤ᠂ ᠬᠤᠲᠠ ᠶᠢᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮᠯᠢᠭ ᠤᠨ | ᠳᠣᠯᠣᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠠᠩ ᠬᠠᠨ ᠰᠥᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠭᠤᠣᠯ ᠠᠵᠢᠯ ᠤᠨ ᠲᠣᠭᠤᠷᠢᠨ ᠳᠤ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ ᠤ ᠨᠡᠶᠢᠭᠡᠮᠯᠢᠭ ᠤᠨ ᠠᠵᠢᠯ ᠤᠨ ᠡᠩᠨᠡᠭᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠢ | ᠲᠥᠭᠡᠮᠡᠯᠵᠢᠭᠦᠯᠬᠦ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ᠂ ᠰᠢᠨᠵᠢᠯᠡᠬᠦ ᠤᠬᠠᠭᠠᠨ ᠮᠡᠷᠭᠡᠵᠢᠯ ᠢ | ᠦᠨᠳᠦᠰᠦᠨ ᠱᠠᠲᠤᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨᠵᠢᠯᠡᠬᠦ | ᠤᠬᠠᠭᠠᠨ ᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ | ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ | ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ︔ ᠪᠦᠯᠬᠦᠮᠳᠡᠯ ᠡᠶ᠎ᠡ ᠵᠣᠬᠢᠴᠠᠯ ᠤᠨ | ᠲᠣᠭᠤᠷᠢᠨ ᠳᠤ ᠤᠳᠤᠷᠢᠳᠬᠤ ᠪᠠᠭ ᠤᠨ ᠵᠣᠬᠢᠶᠠᠨ ᠪᠠᠶᠢᠭᠤᠯᠬᠤ᠂ ᠬᠦᠳᠦᠯᠦᠨ ᠵᠢᠯᠣᠭᠤᠳᠬᠤ᠂ ᠵᠣᠬᠢᠴᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ | ᠠᠴᠢᠶᠠᠯᠠᠪᠤᠷᠢ ᠶᠢ ᠪᠠᠶᠠᠯᠢᠭᠵᠢᠭᠤᠯᠤᠨ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮᠯᠢᠭ ᠢ | ᠦᠨᠡᠨᠬᠦ ︽ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠭᠡᠷ︾ ᠪᠣᠯᠭᠠᠨ ᠪᠠᠶᠢᠭᠤᠯᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠳᠡᠭᠡᠷ᠎ᠡ᠂ 2023 ᠣᠨ ᠤ ᠬᠤᠰᠢᠭᠤᠨ ᠤ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ ᠤ ᠨᠡᠶᠢᠭᠡᠮᠯᠢᠭ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ | ᠰᠠᠶᠢᠰᠢᠶᠠᠪᠠ︔ ︽ᠬᠦᠷᠢᠶ᠎ᠡ ᠬᠤᠰᠢᠭᠤᠨ ᠤ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ | ᠨᠡᠶᠢᠭᠡᠮᠯᠢᠭ ᠤᠨ ᠲᠦᠷᠢᠮ︾ ᠢ ᠬᠢᠨᠠᠨ ᠵᠥᠪᠯᠡᠵᠦ ᠪᠠᠲᠤᠯᠠᠪᠠ᠃ | | | |