ᠬᠦᠷᠢᠶ᠎ᠡ ᠬᠤᠰᠢᠭᠤ ᠢᠲᠡᠭᠡᠮᠵᠢ ᠶᠢᠨ ᠰᠡᠷᠭᠦᠭᠡᠯᠲᠡ ᠶᠢ ᠳᠡᠮᠵᠢᠵᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠪᠤᠢ
ᠨᠡᠶᠢᠲᠡᠯᠡᠭᠰᠡᠨ ᠴᠠᠭ᠄
2024/6/12
 ︽ᠠᠵᠢᠯᠲᠠᠳ ᠠᠴᠠ ᠢᠲᠡᠭᠡᠮᠵᠢ ᠶᠢ ᠰᠡᠷᠭᠦᠭᠡᠬᠦ ᠰᠠᠨᠠᠭᠤᠯᠭ᠎ᠠ ᠶᠢᠨ ᠵᠠᠬᠢᠳᠠᠯ ᠢ ᠡᠭᠦᠳᠡᠨ ᠳᠤ ᠬᠦᠷᠭᠡᠨ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠰᠦᠯᠵᠢᠶᠡᠨ ᠳᠡᠭᠡᠷ᠎ᠡ ᠢᠲᠡᠭᠡᠮᠵᠢ ᠶᠢ ᠰᠡᠷᠭᠦᠭᠡᠬᠦ ᠠᠵᠢᠯ ᠢ ᠪᠦᠭᠦ ᠶᠠᠪᠤᠴᠠ ᠪᠠᠷ ᠵᠢᠯᠤᠭᠤᠳᠴᠤ᠂ ᠮᠠᠨ ᠤ ᠠᠵᠤ ᠠᠬᠤᠶᠢᠯᠠᠯ ᠤᠨ ᠨᠠᠵᠠᠭᠠᠢ ᠲᠠᠯ᠎ᠠ ᠶᠢᠨ ᠨᠥᠯᠥᠭᠡ ᠶᠢ ᠠᠷᠢᠯᠭᠠᠵᠠᠢ᠂ ᠦᠨᠡᠬᠡᠷ ᠲᠠᠯᠠᠷᠬᠠᠵᠤ ᠪᠠᠶᠢᠨ᠎ᠠ︕︾ ᠣᠶᠢᠷ᠎ᠠ ᠳᠤ᠂ ᠥᠪᠥᠷ ᠮᠣᠩᠭᠤᠯ ᠤᠨ ᠮᠧᠩ ᠳ᠋ᠦᠩ ᠱᠦᠢᠨᠢ ᠶᠢᠨ ᠬᠢᠵᠠᠭᠠᠷᠲᠤ ᠺᠤᠮᠫᠠᠨᠢ ᠶᠢᠨ ᠠᠯᠪᠠᠨ ᠭᠡᠷ ᠤᠨ ᠡᠷᠭᠢᠯᠡᠭᠴᠢ ᠸᠠᠩ ᠶᠤᠸᠠᠢ ᠪᠢᠩ ᠬᠦᠷᠢᠶ᠎ᠡ ᠬᠤᠰᠢᠭᠤᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ᠠᠵᠢᠯᠲᠠᠳ ᠤᠨ ᠬᠠᠪᠰᠤᠷᠤᠯᠭ᠎ᠠ ᠪᠠᠷ ︽ᠢᠲᠡᠭᠡᠮᠵᠢ ᠶᠢᠨ ᠳᠤᠮᠳᠠᠳᠤ ᠤᠯᠤᠰ︾ ᠰᠦᠯᠵᠢᠶᠡᠨ ᠤ ᠲᠠᠪᠴᠠᠩ ᠳᠤ ᠨᠢᠭᠡ ᠵᠦᠢᠯ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠢᠲᠡᠭᠡᠮᠵᠢ ᠪᠠᠨ ᠠᠮᠵᠢᠯᠲᠠ ᠲᠠᠢ ᠰᠡᠷᠭᠦᠭᠡᠵᠡᠢ᠃   ᠵᠢᠯ ᠤᠨ ᠡᠬᠢᠨ ᠠᠴᠠ ᠨᠠᠭᠠᠰᠢ᠂ ᠢᠲᠡᠭᠡᠯ ᠠᠯᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢ ᠡᠷᠲᠡᠬᠡᠨ ᠰᠡᠷᠭᠦᠭᠡᠬᠦ ᠶᠢ ᠬᠠᠪᠰᠤᠷᠬᠤ ᠶᠢᠨ ᠲᠥᠯᠥᠭᠡ᠂ ᠬᠦᠷᠢᠶ᠎ᠡ ᠬᠤᠰᠢᠭᠤ ᠢᠲᠡᠭᠡᠮᠵᠢ ᠶᠢ ᠰᠡᠷᠭᠦᠭᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ︽ᠰᠡᠷᠭᠦᠭᠡᠵᠦ ᠳᠡᠶᠢᠯᠭᠦ ᠶᠢ ᠨᠢ ᠪᠦᠭᠦᠨ ᠢ ᠰᠡᠷᠭᠦᠭᠡᠬᠦ︾ ︽ᠰᠡᠷᠭᠦᠭᠡᠪᠡᠯ ᠵᠣᠬᠢᠬᠤ ᠶᠢ ᠨᠢ ᠵᠠᠪᠠᠯ ᠰᠡᠷᠭᠦᠭᠡᠬᠦ︾ ᠶᠢ ᠪᠡᠶᠡᠯᠡᠭᠦᠯᠬᠦ ᠶᠢ ᠠᠬᠢᠭᠤᠯᠵᠤ᠂ ᠡᠭᠦᠨ ᠤ ᠤᠯᠠᠮ ᠢᠶᠠᠷ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠬᠢᠷᠢ ᠲᠦᠪᠰᠢᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃   ︽ᠪᠢᠳᠡ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠲᠡᠭᠡᠯ ᠠᠯᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠢᠲᠡᠭᠡᠮᠵᠢ ᠶᠢ ᠰᠡᠷᠭᠦᠭᠡᠬᠦ ᠡᠷᠬᠡ ᠡᠭᠦᠷᠭᠡ ᠶᠢ ᠴᠠᠭ ᠲᠤᠬᠠᠢ ᠳᠤᠨᠢ ᠭᠦᠢᠴᠡᠳ ᠣᠶᠢᠯᠠᠭᠠᠭᠤᠯᠵᠤ᠂ ᠲᠡᠳᠡᠨ ᠤ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠢᠳᠡᠪᠬᠢᠲᠡᠢ ᠵᠠᠯᠠᠷᠠᠭᠤᠯᠬᠤ ᠶᠢ ᠠᠬᠢᠭᠤᠯᠵᠤ᠂ ᠢᠲᠡᠭᠡᠯ ᠠᠯᠳᠠᠭᠰᠠᠨ ᠠᠴᠠ ᠪᠣᠯᠤᠭᠰᠠᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠠᠢ︾ ᠭᠡᠵᠦ ᠬᠦᠷᠢᠶ᠎ᠡ ᠬᠤᠰᠢᠭᠤᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ᠦᠨ᠎ᠡ ᠬᠠᠩᠰᠢ ᠪᠠ ᠰᠦᠢᠳᠬᠡᠯ ᠬᠤᠷᠢᠶᠠᠬᠤ ᠲᠠᠰᠤᠭ ᠤᠨ ᠳᠠᠷᠤᠭ᠎ᠠ ᠰᠣᠷᠭᠤᠭ ᠲᠠᠨᠢᠯᠴᠠᠭᠤᠯᠤᠨ ᠶᠠᠷᠢᠵᠤ ᠪᠠᠶᠢᠯ᠎ᠠ᠃ ᠣᠳᠣᠬᠠᠨ ᠪᠤᠯᠲᠠᠯ᠎ᠠ᠂ ᠲᠣᠰ  ᠬᠤᠰᠢᠭᠤ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ  ᠨᠡᠶᠢᠲᠡ 562  ᠰᠢᠯᠵᠢᠭᠦᠯᠦᠨ  ᠭᠠᠷᠭᠠᠵᠤ᠂ 3 ᠠᠵᠤ  ᠠᠬᠤᠶᠢᠯᠠᠯ ᠤᠨ  ᠵᠠᠰᠠᠭ  ᠵᠠᠬᠢᠷᠭᠠᠨ ᠤ  ᠰᠢᠢᠳᠬᠡᠯ  ᠲᠣᠷᠭᠠᠭᠤᠯᠢ ᠶᠢᠨ ᠢᠲᠡᠭᠡᠮᠵᠢ ᠶᠢᠨ ᠰᠡᠷᠭᠦᠭᠡᠯᠲᠡ ᠶᠢ  ᠪᠡᠶᠡᠯᠡᠭᠦᠯᠵᠦ᠂ ᠠᠵᠤ  ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠠᠷᠰᠢ ᠰᠠᠭᠠᠳ ᠢ ᠠᠷᠢᠯᠭᠠᠪᠠ᠃   ︽ᠢᠲᠡᠭᠡᠮᠵᠢ ᠨᠢ ᠵᠢᠩᠬᠢᠨᠢ ᠦᠨ᠎ᠡ ᠦᠷᠲᠡᠭ ᠲᠠᠢ ᠪᠣᠯᠵᠤ᠂ ᠪᠢᠳᠡ ᠪᠡᠯᠡ ᠮᠥᠩᠭᠦᠨ ᠤ ᠡᠷᠭᠢᠯᠲᠡ ᠶᠢᠨ ᠬᠦᠴᠢᠷ ᠠᠰᠠᠭᠤᠳᠠᠯ ᠢᠶᠠᠨ ᠡᠭᠦᠳᠡᠨ ᠠᠴᠠ ᠪᠠᠨ ᠭᠠᠷᠬᠤ ᠦᠭᠡᠢ ᠪᠠᠷ ᠰᠢᠢᠳᠪᠦᠷᠢᠯᠡᠵᠦ ᠲᠡᠶᠢᠯᠭᠦ ᠪᠣᠯᠵᠠᠢ︕︾ ᠭᠡᠵᠦ ᠬᠦᠷᠢᠶ᠎ᠡ ᠬᠤᠰᠢᠭᠤᠨ ᠤ ᠰᠦᠨ ᠵᠢᠶᠠ ᠠᠮᠤ ᠲᠣᠰᠣᠨ ᠤ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠨ ᠵᠠᠨ ᠲᠤᠸ ᠪᠠᠶᠠᠷᠲᠠᠢ ᠶᠠᠷᠢᠵᠤ ᠪᠠᠶᠢᠯ᠎ᠠ᠃ ᠲᠡᠷᠡ ᠪᠠᠷ ᠥᠪᠥᠷ ᠮᠣᠩᠭᠤᠯ ᠤᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠳᠤ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠣᠷᠣᠯᠠᠭᠤᠯᠬᠤ ᠨᠥᠭᠡᠴᠡᠯᠡᠬᠦ ᠵᠢᠭᠡᠯᠡᠯᠭᠡ ᠶᠢᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠵᠠᠢ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠨᠢ ᠮᠠᠰᠢ ᠰᠠᠶᠢᠨ ᠤᠴᠢᠷ ᠠᠴᠠ ᠮᠠᠰᠢ ᠲᠦᠷᠭᠡᠨ ᠢᠶᠠᠷ ᠵᠢᠭᠡᠯᠡᠯᠭᠡ ᠶᠢᠨ ᠵᠣᠭᠤᠰ ᠢ ᠲᠤᠰᠤᠨ ᠣᠯᠪᠠ᠃ ᠢᠲᠡᠭᠡᠮᠵᠢ ᠰᠠᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠠᠪᠰᠤᠷᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠣᠯᠭᠤᠬᠤ ᠶᠢᠨ ᠲᠥᠯᠥᠭᠡ᠂ ᠬᠦᠷᠢᠶ᠎ᠡ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠢᠲᠡᠭᠡᠮᠵᠢ ᠶᠢᠨ ᠲᠦᠭᠦᠮ ᠵᠢᠭᠡᠯᠡᠯᠭᠡ︾ ᠶᠢᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠢ ᠨᠠᠩ ᠰᠠᠶᠢᠨ ᠬᠥᠭᠵᠢᠯᠲᠡ ᠶᠢᠨ ᠣᠷᠣᠨ ᠵᠠᠢ ᠲᠠᠢ ᠪᠣᠯᠭᠠᠪᠠ᠃ ᠣᠳᠣᠬᠠᠨ ᠪᠤᠯᠲᠠᠯ᠎ᠠ᠂ ᠪᠦᠭᠦ ᠬᠤᠰᠢᠭᠤᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠲᠣᠰ ᠲᠠᠪᠴᠠᠩ ᠳᠤ 5700 ᠡᠷᠦᠭᠡ ᠳᠠᠩᠰᠠᠯᠠᠭᠤᠯᠵᠤ᠂ ᠦᠨᠡᠨ ᠨᠡᠷ᠎ᠡ ᠪᠠᠷ ᠢᠶᠠᠨ ᠭᠡᠷᠡᠴᠢᠯᠡᠭᠰᠡᠨ ᠨᠢ 2400 ᠡᠷᠦᠭᠡ ᠪᠠᠶᠢᠵᠤ᠂ 1600 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃   ︽ᠲᠠᠷᠠᠭᠠᠴᠢ ᠶᠢᠨ ᠠᠯᠬᠤᠮ ᠳᠤ᠂ ᠪᠢᠳᠡ ᠢᠲᠡᠭᠡᠮᠵᠢ ᠶᠢᠨ ᠰᠡᠷᠭᠦᠭᠡᠯᠲᠡ ᠶᠢᠨ ᠭᠤᠣᠯ ᠴᠣᠭᠴᠠ ᠶᠢᠨ ︿ᠪᠠᠴᠢᠮᠳᠠᠬᠤ ᠬᠦᠴᠢᠷᠳᠡᠬᠦ ᠵᠣᠪᠠᠨᠢᠬᠤ ᠬᠦᠰᠡᠬᠦ﹀ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠷᠭ᠎ᠠ ᠵᠠᠮ ᠢ ᠰᠢᠨ᠎ᠡ ᠪᠠᠷ ᠬᠠᠶᠢᠨ ᠰᠦᠪᠡᠭᠴᠢᠯᠡᠵᠦ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠪᠠ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠨᠥᠬᠦᠴᠡᠯ ᠢ ᠦᠷᠭᠦᠯᠵᠢᠯᠡᠨ ᠪᠤᠶ ᠪᠣᠯᠭᠠᠨ᠎ᠠ᠃ ᠡᠭᠦᠨ ᠤ ᠬᠠᠮᠲᠤ᠂ ︿ᠢᠲᠡᠭᠡᠮᠵᠢ ᠶᠢᠨ ᠲᠦᠭᠦᠮ ᠵᠢᠭᠡᠯᠡᠯᠭᠡ﹀ ︿ᠢᠲᠡᠭᠡᠮᠵᠢ ᠰᠠᠶᠢᠲᠠᠢ ᠵᠢᠭᠡᠯᠡᠯᠭᠡ﹀ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠤ ᠲᠡᠮᠳᠡᠭ ᠢ ᠡᠭᠦᠳᠴᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ︿ᠢᠲᠡᠭᠡᠮᠵᠢ ᠪᠠᠷ ᠪᠡᠯᠡ ᠲᠣᠬᠢᠷᠠᠭᠤᠯᠬᠤ ᠶᠢ ᠠᠬᠢᠭᠤᠯᠬᠤ᠂ ᠪᠡᠯᠡ ᠲᠣᠬᠢᠷᠠᠭᠤᠯᠬᠤ ᠪᠠᠷ ᠬᠥᠭᠵᠢᠯᠲᠡ ᠶᠢ ᠠᠬᠢᠭᠤᠯᠬᠤ﹀ ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢᠨ ᠵᠠᠭᠪᠤᠷ ᠢ ᠬᠡᠷᠡᠭᠵᠢᠭᠦᠯᠵᠦ᠂ ︿ᠢᠲᠡᠭᠡᠮᠵᠢ﹀ ᠪᠠᠷ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ︾ ᠭᠡᠵᠦ ᠬᠦᠷᠢᠶ᠎ᠡ ᠬᠤᠰᠢᠭᠤᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ᠳᠡᠳ᠋ ᠡᠷᠭᠢᠯᠡᠭᠴᠢ ᠬᠠᠨ ᠶᠠᠨ ᠯᠢᠩ ᠢᠯᠡᠷᠬᠡᠶᠢᠯᠡᠪᠡ᠃                               ︵ᠵᠢᠶᠠᠩ ᠶᠠᠨ ᠽᠧ  ᠰᠡᠴᠡᠨᠳᠤ︶
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号