6 ᠰᠠᠷ᠎ᠠ ᠶᠢᠨ 11 ᠤ ᠡᠳᠦᠷ᠂ ᠬᠤᠰᠢᠭᠤᠨ ᠤ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ ᠠᠴᠠ | ᠭᠤᠷᠪᠠᠳᠠᠬᠢ ᠡᠲᠡᠭᠡᠳ ᠶᠢᠨ ᠬᠢᠨ ᠲᠠᠢ ᠬᠤᠯᠪᠤᠭᠠᠯᠠᠨ ᠯᠢᠦ ᠵᠢᠶᠠᠽᠢ ᠪᠠᠯᠭᠠᠰᠤᠨ ᠳᠤ ᠬᠦᠷᠴᠦ ᠬᠠᠪᠤᠷ ᠤᠨ | ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠢ ᠰᠢᠯᠭᠠᠨ ᠪᠠᠶᠢᠴᠠᠭᠠᠵᠤ᠂ ᠠᠵᠢᠯᠲᠠᠳ ᠲᠡᠵᠢᠭᠡᠨ ᠦᠷᠡᠵᠢᠭᠦᠯᠬᠦ | ᠡᠷᠦᠬᠡ ᠶᠢ ᠲᠠᠰᠢᠷᠠᠮ ᠢᠶᠠᠷ ᠰᠤᠭᠤᠴᠢᠨ᠂ ᠡᠷᠦᠬᠡ ᠳᠤ ᠣᠷᠣᠵᠤ ᠠᠰᠠᠭᠤᠨ ᠯᠠᠪᠯᠠᠬᠤ᠂ ᠲᠤᠬᠠᠶ ᠶᠢᠨ | ᠲᠠᠯᠠᠪᠤᠷ ᠲᠤ ᠪᠠᠶᠢᠴᠠᠭᠠᠨ ᠦᠵᠡᠬᠦ᠂ ᠲᠠᠩᠰᠠ ᠡᠪᠬᠡᠮᠡᠯ ᠢ ᠰᠢᠯᠵᠢᠭᠦᠯᠦᠨ ᠠᠪᠴᠢᠷᠠᠵᠤ ᠦᠵᠡᠬᠦ ᠵᠡᠷᠭᠡ ᠠᠷᠭ᠎ᠠ | ᠬᠡᠯᠪᠡᠷᠢ ᠶᠢ ᠠᠪᠴᠤ᠂ ᠬᠠᠪᠤᠷ ᠤᠨ ᠤᠯᠠᠷᠢᠯ ᠤᠨ ᠠᠮᠢᠲᠠᠨ ᠤ ᠲᠥᠪᠯᠡᠷᠡᠭᠦᠯᠦᠨ ᠡᠭᠡᠯᠢᠯᠡᠭᠡ ᠬᠢᠭᠰᠡᠨ ᠪᠦᠷᠬᠦᠴᠡ ᠶᠢᠨ | ᠨᠣᠷᠮ᠎ᠠ᠂ ᠡᠭᠡᠯᠢᠯᠡᠭᠡ ᠶᠢᠨ ᠦᠷ᠎ᠡ ᠪᠦᠲᠦᠮᠵᠢ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠠᠭᠤᠯᠭ᠎ᠠ ᠶᠢᠨ | ᠲᠣᠭᠤᠷᠢᠨ ᠳᠤ ᠪᠥᠬᠦ ᠪᠠᠯᠭᠠᠰᠤᠨ ᠤ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ | ᠪᠠᠶᠢᠳᠠᠯ ᠢ ᠰᠢᠯᠭᠠᠨ ᠠᠪᠴᠤ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ | | | |