ᠬᠦᠷᠢᠶ᠎ᠡ ᠬᠤᠰᠢᠭᠤᠨ ᠤ ᠠᠷᠠᠳ ᠤᠨ ᠬᠠᠪᠰᠤᠷᠤᠨ ᠰᠢᠬᠦᠭᠴᠢ ᠶᠢ ᠰᠤᠩᠭᠤᠨ ᠲᠤᠮᠢᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2024/6/12
  ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ ᠶᠢᠨ ᠬᠠᠤᠯᠢ︾ ᠪᠣᠯᠤᠨ ︽ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠠᠷᠭ᠎ᠠ︾  ᠶᠢᠨ ᠲᠣᠭᠲᠠᠭᠠᠯ ᠢ ᠦᠨᠳᠦᠰᠦᠯᠡᠨ᠂ ᠡᠳᠦᠭᠡ ᠬᠦᠷᠢᠶ᠎ᠡ ᠬᠤᠰᠢᠭᠤᠨ ᠤ 2024 ᠣᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃    ᠨᠢᠭᠡ᠂ ᠰᠣᠩᠭᠤᠨ ᠲᠣᠮᠢᠯᠠᠬᠤ ᠣᠷᠣᠨ ᠲᠤᠭ᠎ᠠ      ᠪᠦᠬᠦ ᠬᠤᠰᠢᠭᠤᠨ ᠳᠤ ᠨᠡᠶᠢᠲᠡ 75 ᠨᠡᠷᠡᠰ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠵᠤ᠂ ᠡᠭᠦᠨ ᠳᠤ ᠲᠠᠰᠢᠷᠠᠮ ᠢᠶᠠᠷ ᠰᠤᠭᠤᠴᠢᠨ ᠰᠣᠩᠭᠤᠬᠤ ᠬᠡᠯᠪᠡᠷᠢ ᠪᠠᠷ 60 ᠨᠡᠷᠡᠰ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠵᠤ᠂ ᠬᠤᠪᠢ ᠬᠥᠮᠦᠨ ᠭᠤᠶᠤᠴᠢᠯᠠᠬᠤ ᠪᠠ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠠᠷᠭ᠎ᠠ ᠬᠡᠯᠪᠡᠷᠢ ᠪᠠᠷ 15 ᠨᠡᠷᠡᠰ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠨ᠎ᠠ᠃    ᠬᠤᠶᠠᠷ᠂ ᠰᠣᠩᠭᠤᠨ ᠲᠣᠮᠢᠯᠠᠬᠤ ᠨᠥᠬᠦᠴᠡᠯ    ︵ᠨᠢᠭᠡ︶ ᠠᠷᠠᠳ ᠤᠨ ᠬᠠᠪᠰᠤᠷᠤᠨ ᠰᠢᠭᠦᠭᠴᠢ ᠪᠣᠯᠬᠤ ᠨᠥᠬᠦᠴᠡᠯ ᠭᠡᠪᠡᠯ᠄    1.  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠨ᠎ᠡ︔    2.  ᠪᠦᠬᠦᠯᠢ ᠬᠤᠷᠢᠨ ᠨᠠᠢᠮᠠᠨ ᠨᠠᠰᠤ ᠬᠦᠷᠦᠭᠰᠡᠨ ᠪᠠᠶᠢᠬᠤ︔    3.  ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠵᠠᠩ ᠰᠤᠷᠲᠠᠯ ᠰᠠᠶᠢᠨ᠂ ᠲᠥᠪ ᠭᠤᠣᠯᠴᠢ ᠪᠠᠶᠢᠬᠤ︔    4.  ᠡᠭᠦᠷᠭᠡ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠭᠡᠵᠦ ᠪᠦᠬᠦᠢ ᠪᠡᠶ᠎ᠡ ᠮᠠᠬᠠᠪᠣᠳ ᠤᠨ ᠨᠥᠬᠦᠴᠡᠯ ᠲᠠᠢ ᠪᠠᠶᠢᠬᠤ︔    ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠡᠩ ᠤᠨ ᠪᠠᠶᠢᠳᠠᠯ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠡᠶ᠃    ︵ᠬᠤᠶᠠᠷ︶ ᠳᠣᠣᠷ᠎ᠠ ᠵᠢᠭᠰᠠᠭᠠᠭᠰᠠᠨ ᠬᠥᠮᠦᠰ ᠠᠷᠠᠳ ᠤᠨ ᠬᠠᠪᠰᠤᠷᠤᠨ ᠰᠢᠭᠦᠭᠴᠢ ᠪᠣᠯᠵᠤ ᠪᠣᠯᠬᠤ ᠦᠭᠡᠢ᠄    1. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ᠂ ᠬᠢᠨᠠᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠢᠭᠤᠯᠤᠯᠭ᠎ᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠢᠭᠤᠯᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠢᠭᠤᠯᠤᠯᠭ᠎ᠠ ᠶᠢᠨ ᠠᠵᠢᠯᠲᠠᠨ︔    2. ᠬᠠᠤᠯᠢᠴᠢ᠂ ᠠᠯᠪᠠᠨ ᠭᠡᠷᠡᠴᠢᠯᠡᠭᠴᠢ᠂ ᠬᠦᠨᠳᠡᠯᠡᠨ ᠠᠴᠠ ᠲᠠᠰᠤᠯᠤᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ︔    3. ᠪᠣᠰᠤᠳ ᠲᠤᠰᠢᠶᠠᠯ ᠤᠨ ᠰᠢᠯᠲᠠᠭᠠᠨ ᠠᠴᠠ ᠪᠣᠯᠵᠤ ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠲᠣᠬᠢᠷᠠᠬᠤ ᠦᠭᠡᠢ ᠬᠦᠮᠦᠰ᠃    ︵ᠭᠤᠷᠪᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠠᠷᠠᠳ ᠤᠨ ᠬᠠᠪᠰᠤᠷᠤᠨ ᠰᠢᠭᠦᠭᠴᠢ ᠪᠣᠯᠵᠤ ᠪᠣᠯᠬᠤ ᠦᠭᠡᠢ᠄    1. ᠡᠷᠡᠭᠦᠦ ᠶᠢᠨ ᠰᠢᠳᠬᠡᠯ ᠣᠯᠤᠭᠰᠠᠨ︔    2. ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ︔    3. ᠬᠠᠤᠯᠢᠴᠢ᠂ ᠠᠯᠪᠠᠨ ᠭᠡᠷᠡᠴᠢᠯᠡᠭᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠵᠤ ᠠᠪᠤᠭᠠᠳ ᠬᠦᠴᠦᠨ ᠦᠭᠡᠢ ᠪᠣᠯᠭᠠᠭᠳᠠᠭᠰᠠᠨ︔    4. ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠤᠯᠤᠭᠰᠠᠨ︔    5. ᠵᠠᠯᠬᠠᠭᠠᠨ ᠴᠡᠭᠡᠷᠯᠡᠭᠦᠯᠦᠭᠡᠳ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠠᠴᠠ ᠪᠠᠨ ᠣᠭᠴᠠᠷᠠᠭᠳᠠᠭᠰᠠᠨ︔    6. ᠪᠤᠰᠤᠳ ᠬᠠᠤᠯᠢ ᠶᠢ ᠬᠦᠨᠳᠦ ᠨᠣᠴᠢᠲᠠᠶ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢ ᠨᠥᠯᠥᠭᠡᠯᠡᠬᠦ ᠪᠣᠯᠤᠮᠵᠢ ᠲᠠᠢ᠃    ᠭᠤᠷᠪᠠ᠂ ᠰᠣᠩᠭᠤᠨ ᠲᠣᠮᠢᠯᠠᠬᠤ ᠳᠡᠰ ᠳᠠᠷᠠᠭᠠᠯᠠᠯ     ᠲᠠᠰᠢᠷᠠᠮ ᠢᠶᠠᠷ ᠰᠤᠭᠤᠴᠢᠨ ᠰᠩᠭᠤᠬᠤ᠂ ᠬᠤᠪᠢ ᠬᠥᠮᠦᠨ ᠭᠤᠶᠤᠴᠢᠯᠠᠬᠤ ᠪᠠ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠣᠩᠭᠤᠨ ᠲᠣᠮᠢᠯᠠᠨ᠎ᠠ᠃    ᠬᠦᠷᠢᠶ᠎ᠡ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠦᠷᠢᠶ᠎ᠡ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠲᠤᠷᠠᠨ ᠲᠣᠰ ᠬᠤᠰᠢᠭᠤᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠨᠥᠬᠦᠴᠡᠯ ᠳᠤ ᠨᠡᠶᠢᠴᠡᠬᠦ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠨᠡᠷᠡᠰ ᠢ  ᠲᠠᠰᠢᠷᠠᠮ ᠢᠶᠠᠷ ᠲᠣᠭᠲᠠᠭᠠᠨ᠎ᠠ᠃    ᠬᠤᠪᠢ ᠬᠥᠮᠦᠨ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠢ ᠡᠭᠦᠷᠭᠡᠯᠡᠬᠦ ᠪᠠᠷ ᠭᠤᠶᠤᠴᠢᠯᠠᠪᠠᠯ᠂ 2024 ᠣᠨ ᠤ 7 ᠰᠠᠷ᠎ᠠ ᠶᠢᠨ 22 ᠤᠨ ᠡᠳᠦᠷ ᠠᠴᠠ ᠡᠮᠦᠨ᠎ᠡ ᠬᠦᠷᠢᠶ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠪᠡᠶ᠎ᠡ ᠶᠢᠨ ᠦᠨᠡᠮᠯᠡᠯ ︵ᠨᠡᠭᠦᠳᠡᠯ ᠬᠥᠮᠦᠨ ᠠᠮᠠ ᠪᠣᠯ ᠣᠷᠣᠰᠢᠨ ᠰᠠᠭᠤᠭ᠎ᠠ ᠪᠠᠶᠢᠳᠠᠯ ᠤᠨ ᠭᠡᠷᠡᠴᠢ ᠬᠠᠩᠭᠠᠬᠤ ᠴᠢᠬᠤᠯᠠᠲᠠᠶ︶᠂ ᠰᠤᠷᠤᠯᠭ᠎ᠠ ᠶᠢᠨ ᠨᠠᠮᠲᠠᠷ ᠤᠨ ᠭᠡᠷᠡᠴᠢ ᠵᠡᠷᠭᠡ ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢᠨ ᠳᠡᠩᠰᠡᠯᠡᠯᠲᠡ ᠶᠢᠨ ᠬᠦᠰᠦᠨᠦᠭᠲᠦ︾ ᠶᠢ ᠲᠠᠭᠯᠠᠬᠤ ᠬᠡᠷᠡᠭᠲᠡᠶ᠃    ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠢ ᠡᠭᠦᠷᠭᠡᠯᠡᠬᠦ ᠪᠠᠷ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠤᠭᠰᠠᠨ ᠪᠠᠶᠢᠪᠠᠯ᠂ ᠲᠠᠨᠢᠯᠴᠠᠭᠤᠯᠤᠭᠳᠠᠭᠰᠠᠨ ᠬᠥᠮᠦᠨ ᠤ ᠪᠠᠶᠢᠭ᠎ᠠ ᠨᠢᠭᠡᠴᠢ᠂ ᠬᠠᠷᠢᠶ᠎ᠠ ᠰᠠᠭᠤᠭᠠᠯᠢ ᠠᠷᠠᠳ ᠤᠨ ᠵᠥᠪᠯᠡᠯ ᠪᠤᠶᠤ ᠲᠣᠰᠬᠤᠨ ᠤ ᠠᠷᠠᠳ ᠤᠨ ᠵᠥᠪᠯᠡᠯ᠂ ᠠᠷᠠᠳ ᠤᠨ ᠪᠦᠯᠬᠦᠮ ᠲᠣᠰ ᠬᠥᠮᠦᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ᠂ 2024 ᠣᠨ ᠤ 7 ᠰᠠᠷ᠎ᠠ ᠶᠢᠨ 22 ᠤᠨ ᠡᠳᠦᠷ ᠠᠴᠠ ᠡᠮᠦᠨ᠎ᠡ ᠬᠦᠷᠢᠶ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠲᠠᠨᠢᠯᠴᠠᠭᠤᠯᠤᠭᠴᠢ ᠶᠢᠨ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ︵ᠨᠡᠭᠦᠳᠡᠯ ᠬᠥᠮᠦᠨ ᠠᠮᠠ ᠪᠣᠯ ᠣᠷᠣᠰᠢᠨ ᠰᠠᠭᠤᠭ᠎ᠠ ᠪᠠᠶᠢᠳᠠᠯ ᠤᠨ ᠭᠡᠷᠡᠴᠢ ᠬᠠᠩᠭᠠᠬᠤ ᠴᠢᠬᠤᠯᠠᠲᠠᠶ︶᠂ ᠰᠤᠷᠤᠯᠭ᠎ᠠ ᠶᠢᠨ ᠨᠠᠮᠲᠠᠷ ᠤᠨ ᠭᠡᠷᠡᠴᠢ ᠵᠡᠷᠭᠡ ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢᠨ ᠳᠡᠩᠰᠡᠯᠡᠯᠲᠡ ᠶᠢᠨ ᠬᠦᠰᠦᠨᠦᠭᠲᠦ︾ ᠶᠢ ᠲᠠᠭᠯᠠᠬᠤ ᠬᠡᠷᠡᠭᠲᠡᠶ᠃    ᠲᠦᠷᠪᠡ᠂ ᠬᠢᠷᠢ ᠬᠡᠮ ᠤᠨ ᠬᠢᠨᠠᠨ ᠪᠠᠶᠢᠴᠠᠭᠠᠯᠳᠠ    ᠬᠦᠷᠢᠶ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠬᠦᠷᠢᠶ᠎ᠡ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ ᠶᠢᠨ ᠬᠠᠤᠯᠢ︾ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠢᠷᠢ ᠬᠡᠮ ᠢ ᠬᠢᠨᠠᠨ ᠪᠠᠶᠢᠴᠠᠭᠠᠨ᠎ᠠ᠃    ᠲᠠᠪᠤ᠂ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠬᠦ    ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠦᠩᠭᠡᠷᠡᠭᠰᠡᠨ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠰᠡᠳ ᠢ ᠬᠦᠷᠢᠶ᠎ᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠠᠴᠠ ᠬᠦᠷᠢᠶ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠲᠣᠮᠢᠯᠠᠭᠤᠯᠤᠨ᠎ᠠ᠃    ᠵᠢᠷᠭᠤᠭ᠎ᠠ᠂ ᠲᠤᠰᠢᠶᠠᠯ ᠳᠤ ᠭᠠᠷᠬᠤ ᠲᠠᠩᠭᠠᠷᠢᠭ    ᠠᠷᠠᠳ ᠤᠨ ᠬᠠᠪᠰᠤᠷᠤᠨ ᠰᠢᠭᠦᠭᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠲᠣᠮᠢᠯᠠᠭᠤᠯᠤᠭᠰᠠᠨ ᠤ ᠳᠠᠷᠠᠭ᠎ᠠ ᠢᠯᠡ ᠪᠠᠷ ᠲᠤᠰᠢᠶᠠᠯ ᠳᠤ ᠭᠠᠷᠬᠤ ᠲᠠᠩᠭᠠᠷᠢᠭ ᠬᠢᠬᠦ ᠬᠡᠷᠡᠭᠲᠡᠢ᠃ ᠠᠷᠠᠳ ᠤᠨ ᠬᠠᠪᠰᠤᠷᠤᠨ ᠰᠢᠭᠦᠭᠴᠢ ᠲᠠᠩᠭᠠᠷᠢᠭ ᠤᠨ ᠦᠭᠡ᠄ ᠪᠢ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ᠂ ᠪᠢ ᠲᠠᠩᠭᠠᠷᠢᠭᠯᠠᠶ᠎ᠠ᠄ ᠤᠯᠤᠰ ᠣᠷᠣᠨ ᠳᠤ ᠦᠨᠡᠨᠴᠢ ᠰᠢᠳᠤᠷᠭᠤ᠂ ᠠᠷᠠᠳ ᠲᠦᠮᠡᠨ ᠳᠤ ᠦᠨᠡᠨᠴᠢ ᠰᠢᠳᠤᠷᠭᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠦᠨᠡᠨᠴᠢ ᠰᠢᠳᠤᠷᠭᠤ᠂ ᠰᠢᠭᠦᠨ ᠲᠠᠰᠤᠯᠬᠤ ᠠᠵᠢᠯᠯᠠᠭ᠎ᠠ ᠳᠤ ᠬᠠᠤᠯᠢ ᠶᠣᠰᠣᠭᠠᠷ ᠣᠷᠣᠯᠴᠠᠵᠤ᠂ ᠰᠢᠭᠦᠨ ᠲᠠᠰᠤᠯᠬᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠶ᠂ ᠲᠥᠪ ᠭᠤᠣᠯᠴᠢ ᠪᠠᠷ ᠮᠠᠭᠠᠳᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ︕    ᠠᠷᠠᠳ ᠤᠨ ᠬᠠᠪᠰᠤᠷᠤᠨ ᠰᠢᠭᠦᠭᠴᠢ ᠬᠠᠤᠯᠢ ᠶᠣᠰᠣᠭᠠᠷ ᠠᠷᠠᠳ ᠲᠦᠮᠡᠨ ᠢ ᠲᠥᠯᠥᠭᠡᠯᠡᠨ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠠᠵᠢᠯᠯᠠᠭ᠎ᠠ ᠳᠤ ᠣᠷᠣᠯᠴᠠᠬᠤ ᠶᠠᠪᠤᠳᠠᠯ ᠪᠣᠯ ᠠᠷᠠᠳ ᠲᠦᠮᠡᠨ ᠤ ᠡᠵᠡᠨ ᠪᠣᠯᠬᠤ ᠡᠷᠬᠡ ᠶᠢᠨ ᠪᠣᠳᠠᠲᠠᠢ ᠢᠯᠡᠷᠡᠯ ᠪᠣᠯᠬᠤ ᠮᠥᠷᠲᠡᠭᠡᠨ ᠪᠠᠰᠠ ᠴᠤ ᠢᠷᠠᠭᠤ ᠠᠯᠳᠠᠷᠲᠤ ᠲᠣᠰᠢᠶᠠᠯ ᠬᠠᠷᠢᠭᠤᠴᠠᠯᠭ᠎ᠠ ᠪᠠ ᠡᠭᠦᠷᠭᠡ ᠪᠣᠯᠤᠨ᠎ᠠ᠂ ᠨᠥᠬᠦᠴᠡᠯ ᠳᠤ ᠨᠡᠶᠢᠴᠡᠭᠰᠡᠨ ᠠᠷᠠᠳ ᠢᠷᠭᠡᠨ ᠢᠳᠡᠪᠬᠢᠲᠡᠢ ᠪᠠᠷ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃    ᠬᠠᠷᠢᠯᠴᠠᠬᠤ ᠤᠲᠠᠰᠤ᠄ 4777148    ᠬᠢᠨᠠᠯᠲᠠ ᠲᠠᠯᠪᠢᠬᠤ ᠠᠰᠠᠭᠤᠨ ᠯᠠᠪᠯᠠᠬᠤ ᠤᠲᠠᠰᠤ᠄ 4712008    ᠣᠨᠴᠠᠭᠠᠶᠢᠯᠠᠨ ᠵᠠᠷᠯᠠᠪᠠ                                ᠬᠦᠷᠢᠶ᠎ᠡ   ᠬᠤᠰᠢᠭᠤᠨ  ᠤ  ᠬᠠᠤᠯᠢ  ᠴᠠᠭᠠᠵᠠ  ᠶᠢᠨ ᠲᠣᠪᠴᠢᠶ᠎ᠠ                              ᠬᠦᠷᠢᠶ᠎ᠡ   ᠬᠤᠰᠢᠭᠤᠨ  ᠤ  ᠠᠷᠠᠳ  ᠶᠢᠨ  ᠰᠢᠭᠦᠬᠦ   ᠬᠤᠷᠢᠶ᠎ᠠ                              ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                              2024  ᠣᠨ  ᠤ  6  ᠰᠠᠷ᠎ᠠ  ᠶᠢᠨ  11  ᠤ  ᠡᠳᠦᠷ
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号