ᠬᠦᠷᠢᠶ᠎ᠡ ᠬᠤᠰᠢᠭᠤ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/13
  6 ᠰᠠᠷ᠎ᠠ ᠶᠢᠨ 12 ᠤᠨ ᠡᠳᠦᠷ᠂ ᠬᠦᠷᠢᠶ᠎ᠡ ᠬᠤᠰᠢᠭᠤ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠸᠠᠩ ᠸᠧᠶ᠂ ᠵᠠᠩ ᠬᠠᠨ ᠰᠦᠩ᠂ ᠮᠠ ᠬᠠᠶ ᠪᠢᠨ᠂ ᠴᠢᠨ ᠶᠠᠨ ᠬᠤᠷᠠᠯ ᠳᠤ ᠣᠷᠣᠯᠴᠠᠵᠤ᠂ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠸᠧᠶ ᠡᠷᠭᠢᠯᠡᠪᠡ᠃    ᠬᠤᠷᠠᠯ ᠳᠡᠭᠡᠷ᠎ᠡ᠂ ᠸᠠᠩ ᠸᠧᠶ ᠱᠠᠭᠠᠷᠳᠠᠭᠰᠠᠨ ᠨᠢ᠂ ︽ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ᠂ ᠲᠥᠷᠥᠯ ᠵᠦᠢᠯ ᠢ ᠪᠣᠳᠣᠯᠬᠢᠯᠠᠬᠤ ᠪᠣᠯ ᠳᠠᠷᠤᠶ ᠢᠷᠡᠭᠡᠳᠦᠶ ᠶᠢ ᠪᠣᠳᠣᠯᠬᠢᠯᠠᠬᠤ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠬᠦᠴᠦᠯᠡᠬᠦ ᠴᠢᠭᠯᠡᠯ ᠢᠶᠠᠨ ᠣᠨᠣᠪᠴᠢᠲᠠᠶ ᠣᠯᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨ ᠬᠦ ᠠᠳᠬᠤᠨ ᠲᠦᠷᠭᠡᠨ ᠬᠢᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠠᠩᠭᠢᠯᠠᠭ᠎ᠠ ᠶᠢᠨ ᠭᠤᠭᠴᠤᠭ᠎ᠠ ᠪᠣᠯᠤᠨ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠦᠷᠦᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠢᠨᠠᠨ ᠵᠢᠯᠣᠭᠤᠳᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃    ᠬᠤᠷᠠᠯ ᠳᠡᠭᠡᠷ᠎ᠡ᠂ ᠬᠡᠰᠡᠭ ᠰᠤᠮᠤ ᠰᠢᠶᠠᠩ ᠪᠠᠯᠭᠠᠰᠤ ᠪᠠ ᠰᠠᠯᠠᠭ᠎ᠠ ᠮᠥᠴᠢᠷ ᠨᠢᠭᠡᠴᠡ ᠶᠢᠨ ᠬᠢᠨ ᠬᠦᠷᠢᠶ᠎ᠡ ᠬᠤᠰᠢᠭᠤᠨ ᠤ 2024 ᠣᠨ ᠤ ᠦᠬᠡᠷ ᠤᠨ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠦᠷᠢᠶ᠎ᠡ  ᠬᠤᠰᠢᠭᠤᠨ ᠤ 2024 ᠣᠨ ᠤ  ᠱᠦᠢᠴᠢᠤᠸᠠᠨ  ᠰᠢᠶᠠᠩ ᠤᠨ  ᠲᠦᠬᠦᠭᠡᠷᠦᠮᠵᠢᠳᠤ ᠲᠠᠷᠢᠶᠠᠯᠠᠩ᠂  ᠬᠦᠷᠢᠶ᠎ᠡ  ᠬᠤᠰᠢᠭᠤᠨ ᠤ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ ᠶᠢ  ᠤᠷᠲᠤᠳᠬᠠᠬᠤ᠂ ᠪᠡᠯᠴᠢᠭᠡᠷ ᠮᠠᠯ ᠢ ᠨᠢᠭᠡ  ᠴᠤᠭᠴᠠᠵᠢᠭᠤᠯᠬᠤ ᠵᠡᠷᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号