ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠺᠸᠦ ᠾᠧᠽᠢ ᠪᠠᠯᠭᠠᠰᠤᠨ ᠳᠤ ᠬᠦᠷᠴᠦ 2024 ᠣᠨ ᠤ ᠠᠪᠤᠷᠠᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/13
  6 ᠰᠠᠷ᠎ᠠ ᠶᠢᠨ 12 ᠤᠨ ᠡᠳᠦᠷ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠺᠸᠦ ᠾᠧᠽᠢ ᠪᠠᠯᠭᠠᠰᠤᠨ ᠳᠤ ᠬᠦᠷᠴᠦ 2024 ᠣᠨ ᠤ ᠠᠪᠤᠷᠠᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠵᠦ᠂ ᠤᠷᠢᠳᠠᠪᠠᠷ ᠣᠨᠣᠯ ᠲᠠᠶᠢᠯᠪᠤᠷᠢᠯᠠᠵᠤ ᠳᠠᠷᠠᠭ᠎ᠠ ᠨᠢ ᠦᠢᠯᠡᠳᠦᠯᠭᠡ ᠬᠢᠬᠦ ᠠᠷᠭ᠎ᠠ ᠮᠠᠶ᠋ᠢᠭ ᠢ ᠠᠪᠴᠤ᠂ ᠵᠢᠷᠦᠬᠡ ᠠᠭᠤᠰᠬᠢ ᠶᠢ ᠠᠮᠢᠯᠠᠭᠤᠯᠬᠤ ᠣᠨᠣᠯ᠂ ᠰᠢᠷᠬ᠎ᠠ ᠶᠢ ᠪᠣᠭᠤᠬᠤ ᠵᠡᠷᠭᠡ ᠲᠦᠷᠭᠡᠨ ᠠᠪᠤᠷᠠᠯᠲᠠ ᠶᠢᠨ ᠦᠨᠳᠦᠰᠦᠨ ᠶᠡᠷᠦ ᠶᠢᠨ ᠮᠡᠳᠡᠯᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ ᠣᠯᠠᠨ ᠢ ᠵᠣᠬᠢᠶᠠᠨ ᠪᠠᠶᠢᠭᠤᠯᠵᠤ ᠵᠢᠷᠦᠬᠡ ᠠᠭᠤᠰᠬᠢ ᠶᠢ ᠠᠮᠢᠯᠠᠭᠤᠯᠬᠤ ᠲᠤᠬᠠᠶ ᠶᠢᠨ ᠲᠠᠯᠠᠪᠤᠷ ᠤᠨ ᠦᠢᠯᠡᠳᠦᠯᠭᠡ ᠶᠢᠨ ᠠᠵᠢᠯᠯᠠᠭᠠᠨ ᠤ ᠪᠣᠯᠪᠠᠰᠤᠷᠠᠯ ᠬᠢᠵᠦ᠂ ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠺᠠᠳ᠋ᠷ ᠣᠯᠠᠨ ᠲᠦᠮᠡᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号