ᠦᠷᠡᠵᠢᠯ ᠤᠨ ᠨᠥᠬᠦᠪᠦᠷᠢ ᠮᠥᠩᠭᠦ ᠶᠢ ᠳᠠᠷᠤᠢ ᠳᠤᠨᠢ ᠣᠯᠭᠤᠨ᠎ᠠ
ᠨᠡᠶᠢᠲᠡᠯᠡᠭᠰᠡᠨ ᠴᠠᠭ᠄
2024/6/14
  ᠡᠨᠡ ᠵᠢᠯ ᠤᠨ ᠲᠠᠪᠤᠨ ᠰᠠᠷ᠎ᠠ ᠠᠴᠠ ᠡᠬᠢᠯᠡᠨ᠂ ᠮᠠᠨ ᠤ ᠣᠷᠤᠨ ᠦᠷᠡᠵᠢᠯ ᠤᠨ ᠨᠥᠬᠦᠪᠦᠷᠢ ᠮᠥᠩᠭᠦ ᠶᠢ ︽ᠭᠤᠶᠤᠴᠢᠯᠠᠬᠤ ᠦᠭᠡᠢ ᠪᠠᠷ ᠣᠯᠭᠤᠬᠤ︾ ᠶᠢ ᠪᠡᠶᠡᠯᠡᠭᠦᠯᠵᠦ᠂ ᠳᠠᠭᠠᠳᠬᠠᠯ ᠳᠤ ᠣᠷᠤᠯᠴᠠᠭᠰᠠᠨ ᠠᠵᠢᠯᠲᠠᠨ ᠠᠵᠢᠯᠴᠢᠨ ᠤ ᠬᠦᠴᠢᠷᠳᠡᠯ ᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ︽ᠭᠤᠶᠤᠴᠢᠯᠠᠬᠤ ᠦᠭᠡᠢ ᠪᠠᠷ ᠣᠯᠭᠤᠬᠤ︾ ᠠᠴᠠ ᠡᠮᠦᠨ᠎ᠡ᠂ ᠳᠠᠭᠠᠳᠬᠠᠯ ᠳᠤ ᠣᠷᠤᠯᠴᠠᠭᠰᠠᠨ ᠮᠠᠰᠢ ᠣᠯᠠᠨ ᠠᠵᠢᠯᠲᠠᠨ ᠠᠵᠢᠯᠴᠢᠨ ᠦᠷᠡᠵᠢᠯ ᠤᠨ ᠨᠥᠬᠦᠪᠦᠷᠢ ᠮᠥᠩᠭᠦ ᠬᠦᠷᠲᠡᠵᠦ ᠳᠠᠶᠢᠯᠬᠦ ᠡᠰᠡᠬᠦ᠂ ᠶᠠᠮᠠᠷ ᠶᠠᠮᠠᠷ ᠭᠤᠶᠤᠴᠢᠯᠠᠬᠤ ᠮᠠᠲ᠋ᠧᠷᠢᠶᠠᠯ ᠬᠡᠷᠡᠭᠰᠡᠬᠦ᠂ ᠬᠤᠪᠢ ᠬᠦᠮᠦᠨ ᠪᠤᠶᠤ ᠪᠠᠶᠢᠭᠤᠯᠭ᠎ᠠ ᠨᠢᠭᠡᠴᠢ ᠠᠴᠠ ᠭᠤᠶᠤᠴᠢᠯᠠᠬᠤ ᠵᠡᠷᠭᠡ ᠠᠰᠠᠭᠤᠳᠠᠯ ᠢ ᠮᠡᠳᠡᠬᠦ ᠦᠭᠡᠢ ᠮᠦᠷᠲᠡᠭᠡᠨ ᠶᠡᠷᠦ ᠶᠢᠨ ᠪᠠᠶᠢᠳᠠᠯ ᠳᠤ ᠭᠤᠶᠤᠴᠢᠯᠠᠬᠤ ᠴᠠᠭ ᠨᠢ ᠨᠡᠯᠢᠶᠡᠳ ᠤᠷᠲᠤ ᠪᠠᠶᠢᠪᠠ᠃ ︽ᠭᠤᠶᠤᠴᠢᠯᠠᠬᠤ ᠦᠭᠡᠢ ᠪᠠᠷ ᠣᠯᠭᠤᠬᠤ︾ ᠶᠢ ᠪᠡᠶᠡᠯᠡᠭᠦᠯᠦᠭᠰᠡᠨ ᠤ ᠳᠠᠷᠠᠭ᠎ᠠ᠂ ᠳᠠᠭᠠᠳᠬᠠᠯ ᠳᠤ ᠣᠷᠤᠯᠴᠠᠭᠰᠠᠨ ᠠᠵᠢᠯᠲᠠᠨ ᠠᠵᠢᠯᠴᠢᠨ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠩᠭᠡᠵᠢᠵᠦ ᠡᠮᠨᠡᠯᠭᠡ ᠠᠴᠠ ᠭᠠᠷᠬᠤ ᠦᠶ᠎ᠡ ᠳᠤ᠂ ᠮᠡᠳᠡᠭᠡ ᠵᠠᠩᠭᠢ ᠶᠢᠨ ᠰᠢᠰᠲ᠋ᠧᠮ ᠨᠢ ᠠᠵᠢᠯᠲᠠᠨ ᠠᠵᠢᠯᠴᠢᠨ ᠤ ᠳᠠᠭᠠᠳᠬᠠᠯ ᠳᠤ ᠣᠷᠤᠯᠴᠠᠵᠤ ᠰᠦᠢᠳᠭᠡᠯ ᠲᠤᠰᠢᠶᠠᠭᠰᠠᠨ ᠮᠡᠳᠡᠭᠡ ᠵᠠᠩᠭᠢ᠂ ᠦᠷᠡᠵᠢᠯ ᠤᠨ ᠮᠡᠳᠡᠭᠡ ᠵᠠᠩᠭᠢ ᠪᠠ ᠦᠷᠡᠵᠢᠯ ᠤᠨ ᠨᠥᠬᠦᠪᠦᠷᠢ ᠮᠥᠩᠭᠦ ᠣᠯᠭᠤᠬᠤ ᠳᠤ ᠬᠡᠷᠡᠭᠰᠡᠬᠦ ᠪᠣᠯᠵᠤᠯᠲᠤ ᠲᠤᠭ᠎ᠠ ᠶᠢ ᠴᠠᠭ ᠲᠣᠬᠠᠢ ᠳᠤᠨᠢ ᠡᠮᠬᠢᠯᠡᠨ ᠨᠡᠶᠢᠯᠡᠭᠦᠯᠵᠦ᠂ ᠨᠥᠬᠦᠴᠡᠯ ᠳᠤ ᠨᠡᠶᠢᠴᠡᠬᠦ ᠠᠶᠠᠨᠳᠠᠭᠠᠨ ᠪᠣᠢ ᠪᠣᠯᠤᠭᠰᠠᠨ ᠦᠷᠡᠵᠢᠯ ᠤᠨ ᠨᠥᠬᠦᠪᠦᠷᠢ ᠮᠥᠩᠭᠦ ᠶᠢ ᠬᠦᠯᠢᠶᠡᠨ ᠠᠪᠴᠤ ᠰᠢᠢᠳᠪᠦᠷᠢᠯᠡᠬᠦ ᠲᠣᠬᠠᠶᠢᠯᠠᠭᠰᠠᠨ ᠠᠵᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠤᠷ᠎ᠠ ᠳᠠᠭᠠᠳᠬᠠᠯ ᠳᠤ ᠣᠷᠤᠯᠴᠠᠭᠰᠠᠨ ᠠᠵᠢᠯᠲᠠᠨ ᠠᠵᠢᠯᠴᠢᠨ ᠤ ᠪᠠᠩᠬᠢ ᠶᠢᠨ ᠳᠠᠩᠰᠠ ᠡᠷᠦᠬᠡ ᠳᠤ ᠲᠠᠷᠬᠠᠭᠠᠬᠤ ᠪᠣᠯᠵᠠᠢ᠃    ᠡᠭᠦᠨ ᠠᠴᠠ ᠭᠠᠳᠠᠨ᠎ᠠ᠂ ᠮᠠᠨ ᠤ ᠣᠷᠤᠨ ᠪᠠᠰᠠ ᠳᠠᠭᠠᠳᠬᠠᠯ ᠳᠤ ᠣᠷᠤᠯᠴᠠᠬᠤ ᠬᠠᠷᠢᠯᠴᠠᠭᠠᠨ ᠤ ᠣᠷᠤᠨ ᠤ ᠳᠣᠲᠤᠷ᠎ᠠ ︽ᠭᠤᠶᠤᠴᠢᠯᠠᠬᠤ ᠦᠭᠡᠢ ᠪᠠᠷ ᠰᠢᠯᠵᠢᠭᠦᠯᠬᠦ︾ ᠶᠢ ᠪᠡᠶᠡᠯᠡᠭᠦᠯᠵᠦ᠂ ᠠᠶᠢᠮᠠᠭ ᠬᠤᠲᠠ ᠠᠯᠤᠰᠯᠠᠨ ᠰᠢᠯᠵᠢᠭᠦᠯᠬᠦ ᠳᠤ ᠳᠥᠭᠦᠮ ᠦᠵᠡᠭᠦᠯᠪᠡ᠃ ︽ ᠭᠤᠶᠤᠴᠢᠯᠠᠬᠤ ᠦᠭᠡᠢ ᠪᠠᠷ ᠰᠢᠯᠵᠢᠭᠦᠯᠬᠦ︾ ᠶᠢ ᠪᠡᠶᠡᠯᠡᠭᠦᠯᠬᠦ ᠠᠴᠠ ᠡᠮᠦᠨ᠎ᠡ᠂ ᠳᠠᠭᠠᠳᠬᠠᠯ ᠳᠤ ᠣᠷᠤᠯᠴᠠᠭᠴᠢ ᠰᠢᠯᠵᠢᠭᠦᠯᠦᠨ ᠭᠠᠷᠭᠠᠬᠤ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠴᠣᠩᠬᠤᠨ ᠳᠤ ᠣᠴᠢᠵᠤ ᠪᠠᠲᠤᠯᠠᠭ᠎ᠠ ᠶᠢᠨ ᠬᠠᠭᠤᠳᠠᠰᠤ ᠶᠢ ᠭᠠᠷᠭᠠᠨ ᠠᠪᠤᠭᠰᠠᠨ ᠤ ᠳᠠᠷᠠᠭ᠎ᠠ ᠳᠠᠬᠢᠨ ᠰᠢᠯᠵᠢᠭᠦᠯᠦᠨ ᠣᠷᠤᠭᠤᠯᠬᠤ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠴᠣᠩᠬᠤᠨ ᠳᠤ ᠬᠦᠷᠭᠡᠵᠦ᠂ ᠴᠠᠭ ᠪᠠ ᠠᠵᠤ ᠠᠬᠤᠢ ᠶᠢᠨ ᠥᠪᠡᠷ ᠤᠨ ᠦᠷᠳᠡᠭ ᠢᠶᠠᠷ ᠦᠨᠳᠦᠷ ᠪᠠᠶᠢᠪᠠ᠃ ︽ᠭᠤᠶᠤᠴᠢᠯᠠᠬᠤ ᠦᠭᠡᠢ ᠪᠠᠷ ᠰᠢᠯᠵᠢᠭᠦᠯᠬᠦ︾ ᠪᠣᠯᠤᠭᠰᠠᠨ ᠤ ᠳᠠᠷᠠᠭ᠎ᠠ ᠳᠠᠭᠠᠳᠬᠠᠯ ᠳᠤ ᠣᠷᠤᠯᠴᠠᠭᠴᠢ ᠰᠢᠨ᠎ᠡ ᠳᠠᠭᠠᠳᠬᠠᠯ ᠣᠷᠤᠭᠰᠠᠨ ᠭᠠᠵᠠᠷ ᠲᠠᠭᠠᠨ ᠭᠠᠷ ᠭᠦᠢᠴᠡᠳᠭᠡᠯ ᠭᠦᠢᠴᠡᠳᠭᠡᠭᠰᠡᠨ ᠤ ᠳᠠᠷᠠᠭ᠎ᠠ᠂ ᠤᠤᠯ ᠤᠨ ᠳᠠᠭᠠᠳᠬᠠᠯ ᠳᠤ ᠣᠷᠤᠯᠴᠠᠭᠰᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠠᠶᠠᠨᠳᠠᠭᠠᠨ ᠰᠢᠨ᠎ᠡ ᠳᠠᠭᠠᠳᠬᠠᠯ ᠳᠤ ᠣᠷᠤᠯᠴᠠᠭᠰᠠᠨ ᠭᠠᠵᠠᠷ ᠲᠤ ᠰᠢᠯᠵᠢᠭᠦᠯᠵᠦ᠂ ᠳᠠᠭᠠᠳᠬᠠᠯ ᠳᠤ ᠣᠷᠤᠯᠴᠠᠵᠤ ᠰᠦᠢᠳᠭᠡᠯ ᠲᠣᠰᠢᠶᠠᠭᠰᠠᠨ ᠵᠢᠯ ᠬᠤᠭᠤᠴᠠᠭ᠎ᠠ ᠶᠢ ᠴᠤ ᠠᠶᠠᠨᠳᠠᠭᠠᠨ ᠨᠡᠶᠢᠯᠡᠭᠦᠯᠵᠦ᠂ ᠤᠤᠯ ᠤᠨ ᠳᠠᠭᠠᠳᠬᠠᠯ ᠳᠤ ᠣᠷᠤᠯᠴᠠᠭᠰᠠᠨ ᠭᠠᠵᠠᠷ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠦᠮᠦᠨ ᠤ ᠳᠠᠩᠰᠠ ᠡᠷᠦᠬᠡ ᠳᠤ ᠦᠯᠡᠳᠡᠪᠦᠷᠢ ᠪᠡᠯᠡ ᠮᠥᠩᠭᠦ ᠲᠠᠢ ᠪᠠᠶᠢᠪᠠᠯ ᠰᠢᠰᠲ᠋ᠧᠮ ᠨᠢ ᠪᠡᠯᠡ ᠮᠥᠩᠭᠦ ᠶᠢ ᠠᠶᠠᠨᠳᠠᠭᠠᠨ ᠰᠢᠨ᠎ᠡ ᠳᠠᠭᠠᠳᠬᠠᠯ ᠳᠤ ᠣᠷᠤᠯᠴᠠᠭᠰᠠᠨ ᠭᠠᠵᠠᠷ ᠲᠤ ᠰᠢᠯᠵᠢᠭᠦᠯᠬᠦ ᠶᠢ ᠪᠡᠶᠡᠯᠡᠭᠦᠯᠪᠡ᠃    ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠰᠠᠯᠠᠭ᠎ᠠ ᠮᠦᠴᠢᠷ ︽ᠦᠨᠳᠦᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠭᠡᠬᠦ︾ ᠶᠢ ᠦᠷᠬᠦᠯᠵᠢᠯᠡᠨ ᠠᠬᠢᠭᠤᠯᠵᠤ᠂ ᠲᠣᠬᠠᠶᠢᠯᠠᠭᠰᠠᠨ ᠠᠵᠢᠯ ᠤᠨ ᠭᠦᠢᠴᠡᠳᠭᠡᠯ ᠢ ᠴᠣᠩᠬᠤᠪᠴᠢ ᠪᠠᠷ ᠭᠦᠢᠴᠡᠳᠭᠡᠬᠦ ᠠᠴᠠ ᠰᠦᠯᠵᠢᠶᠡᠨ ᠳᠡᠭᠡᠷ᠎ᠡ ᠭᠦᠢᠴᠡᠳᠭᠡᠬᠦ ᠶᠢ ᠠᠬᠢᠭᠤᠯᠪᠠ᠃ ᠦᠷᠡᠵᠢᠯ ᠤᠨ ᠨᠥᠬᠦᠪᠦᠷᠢ ᠮᠥᠩᠭᠦ ᠭᠤᠶᠤᠴᠢᠯᠠᠨ ᠠᠪᠬᠤ᠂ ᠳᠠᠭᠠᠳᠬᠠᠯ ᠳᠤ ᠣᠷᠤᠯᠴᠠᠬᠤ ᠬᠠᠷᠢᠴᠠᠭ᠎ᠠ ᠶᠢ ᠰᠢᠯᠵᠢᠭᠦᠯᠦᠨ ᠦᠷᠬᠦᠯᠵᠢᠯᠡᠭᠦᠯᠬᠦ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠲᠣᠬᠠᠶᠢᠯᠠᠭᠰᠠᠨᠨ ᠠᠵᠢᠯ ᠨᠢ ᠥᠩᠭᠡᠷᠡᠭᠰᠡᠨ ᠤ ︽ᠬᠦᠮᠦᠨ ᠨᠢ ᠬᠠᠷᠠᠭᠠᠯᠵᠠᠯ ᠡᠷᠬᠢᠬᠦ︾ ᠪᠠᠶᠢᠭᠰᠠᠨ ᠠᠴᠠ ᠣᠳᠤ ᠶᠢᠨ ︽ᠬᠠᠷᠠᠭᠠᠯᠵᠠᠯ ᠨᠢ ᠬᠦᠮᠦᠨ ᠡᠷᠢᠬᠦ︾ ᠪᠣᠯᠵᠤ ᠬᠤᠪᠢᠷᠠᠭᠰᠠᠨ ᠪᠦᠭᠡᠳ ᠬᠤᠪᠢ ᠬᠦᠮᠦᠨ ᠤ ᠪᠦᠬᠦ ᠶᠠᠪᠤᠴᠠ ᠳᠤ ︽ ᠮᠠᠲ᠋ᠧᠷᠢᠶᠠᠯ ᠠᠪᠬᠤ ᠦᠭᠡᠢ︾ ᠪᠣᠯᠵᠤ᠂ ᠳᠠᠭᠠᠳᠬᠠᠯ ᠳᠤ ᠣᠷᠤᠯᠴᠠᠭᠰᠠᠨ ᠣᠯᠠᠨ ᠲᠦᠮᠡᠨ ᠳᠤ ᠲᠦᠢᠯ ᠤᠨ ᠶᠡᠭᠡ ᠳᠥᠭᠦᠮ ᠦᠵᠡᠭᠦᠯᠪᠡ᠃    ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠤᠤ ᠮᠧᠩ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠦᠴᠢᠷ ᠬᠦᠩᠭᠡᠵᠢᠬᠦ ᠪᠠ ᠠᠵᠢᠯ ᠤᠨ ᠠᠮᠠᠷᠠᠯᠲᠠ ᠠᠪᠬᠤ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠣᠯᠠᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠵᠦ᠂ ᠪᠦᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠭᠡᠬᠦ ᠬᠢᠷᠢ ᠲᠥᠪᠰᠢᠨ ᠢ ᠳᠡᠭᠡᠭᠰᠢᠯᠡᠭᠦᠯᠦᠨ᠂ ᠤᠶᠤᠨᠴᠢᠯᠠᠭᠰᠠᠨ ᠠᠵᠢᠯ ᠶᠠᠪᠤᠳᠠᠯ ᠭᠦᠢᠴᠡᠳᠭᠡᠬᠦ ᠵᠢᠯᠤᠭᠤᠳᠤᠮᠵᠢ ᠬᠠᠩᠭᠠᠵᠤ᠂ ᠨᠡᠩ ᠣᠯᠠᠨ ᠵᠦᠢᠯᠡᠰ ᠢ ︽ᠭᠤᠶᠤᠴᠢᠯᠠᠬᠤ ᠦᠭᠡᠢ ᠪᠠᠷ ᠣᠯᠭᠤᠬᠤ︾ ᠶᠢ ᠪᠡᠶᠡᠯᠡᠭᠦᠯᠵᠦ᠂ ᠨᠡᠩ ᠣᠯᠠᠨ ᠳᠠᠭᠠᠳᠬᠠᠯ ᠳᠤ ᠣᠷᠤᠯᠴᠠᠭᠰᠠᠨ ᠣᠯᠠᠨ ᠲᠦᠮᠡᠨ ᠳᠤ ᠠᠰᠢᠭ ᠬᠦᠷᠲᠡᠭᠡᠨ᠎ᠡ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号