ᠰᠢᠨᠬᠤᠸᠠ ᠬᠤᠷᠢᠶ᠎ᠠ ᠶᠢᠨ ᠢᠷᠭᠠᠢ ᠶᠢᠨ 6 ᠰᠠᠷ᠎ᠠ ᠶᠢᠨ 21 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ | ᠨᠢᠩᠰᠢᠶᠠ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ | ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠬᠠᠮᠠᠭᠠᠯᠠᠯᠲᠠ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠ | ᠨᠡᠭᠡᠭᠡᠯᠲᠡ ᠶᠢ ᠥᠷᠭᠡᠳᠬᠡᠬᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ ᠪᠠ ᠬᠠᠮᠲᠤ ᠪᠠᠷ ᠪᠠᠶᠠᠵᠢᠬᠤ ᠵᠡᠷᠭᠡ ᠠᠵᠢᠯ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠴᠡᠴᠡᠭᠯᠡᠨ ᠬᠥᠭᠵᠢᠭᠰᠡᠨ᠂ ᠦᠨᠳᠦᠰᠦᠲᠡᠨ ᠨᠦᠭᠦᠳ | ᠪᠦᠯᠬᠦᠮᠳᠡᠭᠰᠡᠨ᠂ ᠣᠷᠴᠢᠨ ᠲᠣᠭᠤᠷᠢᠨ ᠭᠤᠶᠤ ᠰᠠᠶᠢᠬᠠᠨ᠂ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ | ᠰᠠᠶᠢᠬᠠᠨ ᠰᠢᠨ᠎ᠡ ᠨᠢᠩᠰᠢᠶᠠ ᠶᠢ ᠲᠦᠷᠭᠡᠳᠬᠡᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠨᠢᠩᠰᠢᠶᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | | 6 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠨᠢᠩᠰᠢᠶᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ ᠰᠢ ᠶᠢᠨ ᠫᠢᠩ ᠢᠷᠭᠠᠢ | ᠬᠤᠳᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠷᠳᠡᠭᠡ ᠳᠤ | ᠡᠮᠨᠡᠯᠭᠡ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | | | | 6 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠨᠢᠩᠰᠢᠶᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ ᠰᠢ ᠶᠢᠨ ᠫᠢᠩ ᠢᠷᠭᠠᠢ | ᠬᠤᠳᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠲᠤ ᠰᠢᠨᠵᠢᠯᠡᠨ | ᠪᠠᠶᠢᠴᠠᠭᠠᠬᠤ ᠳᠠᠭᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 6 ᠰᠠᠷ᠎ᠠ ᠶᠢᠨ 19 ᠤ ᠡᠳᠦᠷ ᠰᠢ ᠶᠢᠨ ᠫᠢᠩ ᠬᠥᠬᠡᠨᠠᠭᠤᠷ ᠲᠠᠬᠢ ᠰᠢᠨᠵᠢᠯᠡᠨ ᠪᠠᠶᠢᠴᠠᠭᠠᠯᠲᠠ ᠪᠠᠨ | ᠲᠡᠭᠦᠰᠬᠡᠭᠰᠡᠨ ᠤ ᠳᠠᠷᠠᠭ᠎ᠠ ᠨᠢᠩᠰᠢᠶᠠ ᠳᠤ ᠭᠦᠷᠪᠡ᠃ ᠲᠤᠰ ᠡᠳᠦᠷ ᠤᠨ ᠦᠳᠡ ᠶᠢᠨ ᠬᠤᠶᠢᠨ᠎ᠠ ᠲᠡᠷᠡ | ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠯᠢᠶᠠᠩ ᠶᠠᠨ ᠱᠦᠨ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠵᠠᠩ ᠢᠦᠢ | ᠫᠦ᠋ ᠶᠢᠨ ᠪᠠᠷ᠎ᠠ ᠪᠤᠯᠤᠯᠭ᠎ᠠ ᠲᠠᠢ ᠪᠠᠷ ᠢᠷᠭᠠᠢ ᠬᠤᠳᠠ ᠳᠤ ᠬᠦᠷᠴᠦ ᠪᠠᠶᠢᠴᠠᠭᠠᠨ ᠰᠤᠳᠤᠯᠵᠠᠢ᠃ | ᠢᠷᠭᠠᠢ ᠬᠤᠲᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠪᠣᠯ ᠣᠯᠠᠨ | ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠮᠣ ᠭᠡᠯᠪᠡᠷᠢ ᠶᠢᠨ ᠨᠡᠶᠢᠭᠡᠮ ᠲᠣᠭᠤᠷᠢᠭ ᠪᠣᠯᠣᠨ᠎ᠠ᠃ ᠰᠢ ᠶᠢᠨ ᠫᠢᠩ | ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ | ᠬᠦᠷᠴᠦ᠂ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠢᠩᠬᠢᠮ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠥᠷᠲᠡᠭᠡ᠂ ᠬᠠᠶᠢᠷ᠎ᠠ ᠬᠠᠯᠠᠮᠵᠢᠲᠤ ᠬᠠᠮ ᠳᠡᠯᠭᠡᠭᠦᠷ ᠲᠤ ᠬᠦᠷᠴᠦ᠂ ᠨᠡᠶᠢᠭᠡᠮ ᠲᠣᠭᠤᠷᠢᠭ ᠤᠨ | ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ ᠪᠠᠶᠢᠬᠤ᠂ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠥᠷᠨᠢᠭᠦᠯᠵᠦ | ᠪᠠᠶᠢᠬᠤ ᠪᠠ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠥᠷᠨᠢᠭᠦᠯᠵᠦ | ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ ᠲᠡᠷᠡ ᠨᠡᠶᠢᠭᠡᠮ ᠲᠣᠭᠤᠷᠢᠭ ᠤᠨ ᠬᠥᠳᠡᠯᠭᠡᠭᠡᠨ ᠤ | ᠲᠠᠰᠤᠬ ᠲᠤ ᠬᠦᠷᠴᠦ᠂ ᠰᠠᠭᠤᠭᠠᠯᠢ ᠠᠷᠠᠳ ᠤᠨ ᠴᠠᠭᠠᠰᠤᠨ ᠬᠠᠶᠢᠴᠢᠯᠠᠮᠠᠯ ᠤᠨ ᠵᠣᠬᠢᠶᠠᠨ ᠪᠦᠲᠦᠭᠡᠯᠭᠡ᠂ ᠪᠥᠵᠢᠭ ᠤᠨ | ᠪᠣᠯᠪᠠᠰᠤᠷᠠᠯ ᠢ ᠰᠣᠨᠢᠷᠬᠠᠵᠤ᠂ ᠤᠯᠠᠨ ᠲᠠᠢ ᠳᠣᠲᠣᠨᠣ ᠪᠠᠷ ᠶᠠᠷᠢᠯᠴᠠᠨ ᠰᠣᠯᠢᠯᠴᠠᠵᠤ᠂ ᠠᠵᠢᠯ ᠠᠴᠠ ᠪᠠᠨ ᠠᠮᠠᠷᠠᠭᠰᠠᠨ | ᠰᠠᠭᠤᠭᠠᠯᠢ ᠠᠷᠠᠳ ᠤᠨ ᠥᠲᠡᠯᠪᠡᠯ ᠭᠦᠷᠳᠡᠭᠦ ᠠᠰᠠᠷᠠᠮᠵᠢ ᠲᠠᠢ᠂ ᠥᠲᠡᠯᠪᠡᠯ ᠪᠠᠶᠠᠷ ᠪᠠᠶᠠᠰᠤᠯ ᠲᠠᠢ ᠪᠠᠶᠢᠬᠤ ᠪᠠᠷ | ᠪᠠᠷᠠᠬᠤ ᠦᠭᠡᠢ ᠪᠠᠰᠠ ᠥᠲᠡᠯᠪᠡᠯ ᠬᠢᠬᠦ ᠠᠵᠢᠯ ᠲᠠᠢ ᠪᠠᠶᠢᠬᠤ ᠶᠢ ᠵᠣᠷᠢᠭᠵᠢᠭᠤᠯᠪᠠ᠃ ᠰᠢ ᠶᠢᠨ ᠫᠢᠩ᠂ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠦᠨᠳᠦᠰᠦᠨ ᠱᠠᠲᠤᠨ ᠤ ᠤᠯᠠᠨ ᠲᠦᠮᠡᠨ ᠲᠠᠢ | ᠬᠠᠷᠢᠯᠴᠠᠬᠤ ᠮᠡᠳᠡᠷᠡᠯ ᠤᠨ ᠰᠡᠵᠢᠭᠦᠷ ᠪᠣᠯᠣᠨ᠎ᠠ᠂ ᠨᠡᠶᠢᠭᠡᠮ ᠲᠣᠭᠤᠷᠢᠭ ᠲᠤ ᠤᠳᠤᠷᠢᠳᠬᠤ ᠦᠢᠯᠡᠳᠦᠯ ᠢᠶᠠᠨ | ᠪᠠᠳᠠᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠵᠤ | ᠬᠦᠴᠦᠷᠬᠡᠭᠵᠢᠭᠦᠯᠪᠡᠯ ᠨᠡᠶᠢᠭᠡᠮ ᠲᠣᠭᠤᠷᠢᠭ ᠤᠨ ᠠᠵᠢᠯ ᠳᠠᠷᠤᠢ ᠲᠦᠰᠢᠭ ᠲᠤᠯᠭᠠᠭᠤᠷᠢ ᠲᠠᠢ ᠪᠣᠯᠣᠨ᠎ᠠ᠃ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠪᠠᠴᠢᠮᠳᠠᠵᠤ ᠲᠦᠪᠡᠭᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠤᠯᠠᠨ ᠲᠦᠮᠡᠨ ᠳᠤ ᠦᠢᠯᠡᠴᠢᠯᠡᠬᠦ | ᠡᠯ᠎ᠡ ᠵᠦᠢᠯ ᠤᠨ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠤᠤ ᠱᠧᠦ ᠴᠧᠩ ᠤᠨ ᠭᠡᠷ ᠲᠤ ᠬᠦᠷᠴᠦ᠂ ᠨᠢᠭᠡ | ᠭᠡᠷ ᠤᠨ ᠬᠥᠮᠥᠰ ᠲᠠᠢ ᠬᠠᠮᠲᠤ ᠰᠠᠭᠤᠯᠴᠠᠨ ᠵᠣᠭᠤᠭ ᠳᠡᠯᠭᠡᠵᠦ᠂ ᠲᠡᠳᠡᠨ ᠤ ᠠᠵᠢᠯ ᠣᠯᠣᠭᠰᠠᠨ᠂ ᠣᠷᠣᠯᠭ᠎ᠠ᠂ ᠡᠮ | ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ᠂ ᠬᠡᠦᠬᠡᠳ ᠤᠨ ᠬᠢᠨᠢ ᠰᠤᠷᠤᠯᠭ᠎ᠠ ᠵᠡᠷᠭᠡ ᠪᠠᠶᠢᠳᠠᠯ ᠢ ᠣᠶᠢᠯᠠᠭᠠᠵᠤ᠂ | ᠲᠡᠳᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠰᠠᠶᠢᠰᠢᠶᠠᠵᠤ᠂ ᠬᠡᠦᠬᠡᠳ ᠤᠨ ᠬᠢᠨᠢ ᠶᠣᠰᠣ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠵᠣᠷᠢᠭᠵᠢᠭᠤᠯᠪᠠ᠃ ᠵᠣᠣ | ᠱᠧᠦ ᠴᠧᠩ ᠶᠡᠷᠦᠩᠬᠡᠢ ᠱᠦᠵᠢ ᠳᠤ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠮᠠᠰᠢ ᠬᠠᠯᠠᠮᠵᠢᠯᠠᠵᠤ᠂ ᠢᠯᠠᠩᠭᠤᠶ᠎ᠠ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠰᠠᠭᠤᠭᠠᠯᠢ ᠠᠷᠠᠳ ᠤᠨ ᠰᠣᠶᠣᠯ ᠪᠡᠶ᠎ᠡ ᠶᠢᠨ ᠲᠠᠮᠢᠷ ᠤᠨ | ᠠᠮᠢᠳᠤᠷᠠᠯ ᠢ ᠪᠠᠶᠠᠯᠢᠭᠵᠢᠭᠤᠯᠬᠤ ᠵᠡᠷᠭᠡ ᠲᠠᠯ᠎ᠠ ᠪᠠᠷ ᠮᠠᠰᠢ ᠣᠯᠠᠨ ᠪᠣᠳᠠᠲᠤ ᠶᠠᠪᠤᠳᠠᠯ ᠬᠢᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠨᠡᠶᠢᠭᠡᠮ ᠲᠣᠭᠤᠷᠢᠭ ᠲᠤ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ | ᠮᠠᠰᠢ ᠲᠠᠭᠠᠯᠠᠮᠵᠢᠲᠠᠢ ᠠᠮᠢᠳᠤᠷᠠᠵᠤ ᠪᠠᠶᠢᠨ᠎ᠠ ᠭᠡᠵᠦ ᠬᠡᠯᠡᠵᠦ ᠥᠭᠴᠡᠢ᠃ ᠰᠢ ᠶᠢᠨ ᠫᠢᠩ᠂ ᠮᠠᠨ ᠤ ᠨᠠᠮ ᠪᠣᠯ ᠪᠦᠭᠦ | ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠦᠨᠳᠦᠰᠦᠲᠡᠨ ᠨᠦᠭᠦᠳ ᠤᠨ | ᠤᠯᠠᠨ ᠲᠦᠮᠡᠨ᠂ ᠠᠶᠢᠯ ᠡᠷᠦᠭᠡ ᠪᠣᠯᠭᠠᠨ ᠢ ᠪᠢ ᠴᠥᠮ ᠰᠡᠳᠬᠢᠯ ᠳᠡᠭᠡᠨ ᠪᠤᠳᠤᠳᠠᠭ᠃ ᠲᠠ ᠨᠠᠷ ᠭᠡᠷ ᠪᠦᠯᠢ ᠶᠢᠨ | ᠪᠦᠲᠦᠭᠡᠨ ᠪᠠᠶᠢᠭᠤᠯᠤᠯᠲᠠ ᠪᠠᠨ ᠨᠠᠩ ᠰᠠᠶᠢᠲᠤᠷ ᠬᠢᠵᠦ᠂ ᠠᠮᠢᠳᠤᠷᠠᠯ ᠢᠶᠠᠨ ᠤᠯᠠᠮ ᠰᠠᠶᠢᠨ ᠪᠤᠯᠭᠠᠬᠤ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠵᠠᠢ᠃ | ᠪᠦᠷᠦᠢ ᠪᠤᠯᠬᠤ ᠶᠢᠨ ᠦᠶ᠎ᠡ ᠪᠠᠷ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠲᠦᠢᠯ ᠤᠨ ᠭᠦᠷ | ᠬᠥᠭᠵᠢᠶᠡᠨ ᠲᠠᠢ ᠪᠠᠶᠢᠯ᠎ᠠ᠃ ᠰᠠᠭᠤᠭᠠᠯᠢ ᠠᠷᠠᠳ ᠤᠳ ᠶᠡᠷᠦᠩᠬᠡᠢ ᠱᠦᠵᠢ ᠶᠢᠨ ᠬᠦᠷᠴᠦ ᠢᠷᠡᠭᠰᠡᠨ ᠢ ᠣᠯᠵᠤ | ᠦᠵᠡᠭᠡᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ᠂ ᠬᠠᠯᠠᠭᠤᠨ ᠢᠶᠠᠷ ᠠᠯᠠᠭ᠎ᠠ ᠲᠠᠰᠢᠵᠤ ᠤᠭᠲᠤᠪᠠ᠃ | ᠰᠢ ᠶᠢᠨ ᠫᠢᠩ ᠤᠯᠠᠨ ᠳᠤ 4 ᠵᠢᠯ ᠠᠯᠤᠰᠯᠠᠭᠠᠳ ᠪᠢ ᠨᠢᠩᠰᠢᠶᠠ ᠳᠤ ᠳᠠᠬᠢᠨᠲᠠ ᠢᠷᠡᠵᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠭᠢᠨ ᠦᠵᠡᠵᠦ ᠪᠠᠶᠢᠨ᠎ᠠ᠂ ᠤᠯᠠᠨ ᠲᠠᠢ | ᠠᠭᠤᠯᠵᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ︕ | ᠳᠤᠮᠳᠠᠳᠤ ᠶᠢᠨ ᠦᠨᠳᠦᠰᠦᠲᠡᠨ ᠪᠣᠯ ᠨᠢᠭᠡ ᠲᠣᠮᠣ ᠭᠡᠷ ᠪᠦᠯᠢ ᠮᠥᠨ᠂ ᠦᠨᠳᠦᠰᠦᠲᠡᠨ ᠨᠦᠭᠦᠳ ᠤᠨ ᠠᠷᠠᠳ | ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ | ᠠᠷᠠᠳ ᠲᠦᠮᠡᠨ ᠤ ᠰᠡᠳᠬᠢᠯ ᠢ ᠨᠢᠭᠲᠠ ᠬᠤᠯᠪᠣᠵᠤ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠨᠢᠭᠲᠠᠷᠠᠭᠤᠯᠤᠨ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠬᠦ ᠬᠡᠷᠡᠭᠲᠡᠢ | ᠭᠡᠵᠦ ᠳᠣᠲᠣᠨᠣ ᠪᠠᠷ ᠬᠡᠯᠡᠪᠡ᠃ | 20 ᠤ ᠦᠳᠡ ᠶᠢᠨ ᠡᠮᠦᠨ᠎ᠡ ᠰᠢ ᠶᠢᠨ ᠫᠢᠩ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠨᠢᠩᠰᠢᠶᠠ ᠶᠢᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠨᠢᠩᠰᠢᠶᠠ ᠶᠢᠨ ᠭᠠᠵᠠᠷ ᠵᠦᠢ ᠶᠢᠨ ᠣᠷᠴᠢᠨ ᠲᠣᠭᠤᠷᠢᠨ ᠪᠣᠯᠣᠨ ᠡᠬᠢ ᠪᠠᠶᠠᠯᠢᠭ ᠤᠨ | ᠳᠠᠪᠠᠭᠤᠯᠢᠭ ᠣᠨᠴᠠᠭᠠᠢ᠂ ᠥᠪᠡᠷᠮᠢᠴᠡ ᠣᠨᠴᠠᠯᠢᠬᠵᠢᠬᠰᠠᠨ᠂ ᠵᠥᠷᠢᠶᠡᠴᠢᠯᠡᠭᠰᠡᠨ ᠠᠵᠤ ᠦᠢᠯᠡᠰ ᠤᠨ | ᠬᠥᠭᠵᠢᠯᠲᠡ ᠶᠢᠨ ᠵᠠᠮ ᠢᠶᠠᠷ ᠵᠠᠮᠨᠠᠵᠤ᠂ ᠨᠢᠩᠰᠢᠶᠠ ᠶᠢᠨ ᠳᠠᠪᠠᠭᠤᠯᠢᠭ ᠢ ᠢᠯᠡᠷᠡᠭᠦᠯᠦᠭᠰᠡᠨ᠂ ᠨᠡᠯᠢᠶᠡᠳ ᠴᠢᠩᠭ᠎ᠠ | ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ | ᠨᠢᠩᠰᠢᠶᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠰᠢᠨ᠎ᠡ ᠭᠡᠯᠪᠡᠷᠢ ᠶᠢᠨ | ᠮᠠᠲ᠋ᠧᠷᠢᠶᠠᠯ ᠤᠨ ᠠᠵᠤ ᠦᠢᠯᠡᠰ᠂ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ | ᠵᠡᠷᠭᠡ ᠴᠡᠪᠡᠷ ᠡᠨᠧᠷᠭᠢ ᠶᠢᠨ ᠠᠵᠤ ᠦᠢᠯᠡᠰ᠂ ᠦᠵᠦᠮ ᠤᠨ ᠠᠷᠢᠬᠢ᠂ ᠴᠢᠨ᠋ᠸ᠎ᠠ ᠶᠢᠨ ᠬᠠᠷᠮᠠᠭ ᠵᠡᠷᠭᠡ ᠣᠨᠴᠠᠯᠢᠭᠲᠤ | ᠠᠵᠤ ᠦᠢᠯᠡᠰ ᠢ ᠨᠠᠷᠢᠯᠢᠭ ᠬᠢᠵᠦ᠂ ᠦᠷᠭᠦᠯᠵᠢᠯᠡᠨ ᠬᠥᠭᠵᠢᠭᠦᠯᠬᠦ ᠬᠡᠷᠡᠭᠲᠡᠢ᠃ ᠰᠣᠶᠣᠯ ᠬᠢᠭᠡᠳ ᠵᠢᠭᠤᠯᠴᠢᠯᠠᠯ ᠤᠨ | ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠣᠨᠴᠠᠯᠢᠭᠲᠤ ᠵᠢᠭᠤᠯᠴᠢᠯᠠᠯ᠂ ᠪᠦᠭᠦ ᠣᠷᠣᠨ ᠪᠦᠰᠡ ᠶᠢᠨ | ᠵᠢᠭᠤᠯᠴᠢᠯᠠᠯ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠡᠷᠴᠢᠮ ᠢ ᠴᠢᠩᠭᠠᠷᠠᠭᠤᠯᠤᠨ᠂ | ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ | ᠨᠢᠩᠰᠢᠶᠠ ᠶᠢᠨ ᠬᠤᠶᠢᠲᠤ ᠬᠡᠰᠡᠭ ᠤᠨ ᠬᠠᠲᠤᠨ ᠭᠤᠣᠯ ᠤᠨ ᠤᠰᠤᠯᠠᠯᠲᠠ ᠶᠢᠨ ᠣᠷᠣᠨ᠂ ᠳᠤᠮᠳᠠ ᠬᠡᠰᠡᠭ ᠤᠨ ᠭᠠᠩ | ᠬᠠᠭᠤᠷᠠᠢ ᠣᠷᠣᠨ ᠪᠦᠰᠡ᠂ ᠡᠮᠦᠨᠡᠲᠦ ᠬᠡᠰᠡᠭ ᠤᠨ ᠠᠭᠤᠯᠠᠷᠬᠠᠭ ᠣᠷᠣᠨ ᠲᠣᠰ ᠲᠣᠰ ᠤᠨ ᠢᠶᠠᠨ ᠣᠨᠴᠠᠯᠢᠭ ᠲᠠᠢ | ᠪᠠᠶᠢᠵᠤ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ᠂ ᠡᠬᠢ ᠪᠠᠶᠠᠯᠢᠭ ᠣᠷᠴᠢᠨ | ᠲᠣᠭᠤᠷᠢᠨ ᠤ ᠪᠠᠭᠲᠠᠭᠠᠮᠵᠢ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠳᠠᠯᠳᠠ ᠬᠦᠴᠦᠨ ᠢ ᠣᠨᠣᠪᠴᠢᠲᠠᠶ | ᠡᠵᠡᠮᠳᠡᠵᠦ᠂ ᠨᠢᠭᠡᠳᠦᠯᠲᠡᠢ ᠲᠥᠯᠥᠪᠵᠢᠭᠦᠯᠬᠦ ᠪᠠ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠠᠭᠤᠯᠠ ᠤᠰᠤᠨ ᠬᠠᠷᠢᠯᠴᠠᠨ ᠲᠦᠰᠢᠯᠴᠡᠭᠰᠡᠨ᠂ ᠬᠤᠲᠠ ᠬᠥᠳᠡᠭᠡ ᠶᠢ ᠠᠭᠤᠰᠤᠯᠴᠠᠭᠤᠯᠤᠭᠰᠠᠨ᠂ ᠣᠷᠣᠨ ᠪᠦᠰᠡ ᠶᠢ | ᠬᠤᠯᠪᠣᠯᠳᠤᠨ ᠬᠥᠳᠡᠯᠦᠯᠴᠡᠭᠰᠡᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠨᠢᠩᠰᠢᠶᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠬᠦᠴᠦᠯᠡᠨ | ᠭᠦᠨᠵᠡᠭᠡᠶᠢᠷᠡᠭᠦᠯᠵᠦ᠂ ᠲᠤᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ ᠰᠦᠪᠡᠭᠴᠢᠯᠡᠬᠦ ᠬᠡᠷᠡᠭᠲᠡᠢ᠃ ᠵᠠᠬ᠎ᠠ | ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠳᠦᠷᠢᠮ ᠢ ᠲᠡᠭᠦᠯᠳᠡᠷᠵᠢᠭᠦᠯᠵᠦ᠂ ᠪᠦᠭᠦ ᠤᠯᠤᠰ ᠤᠨ ᠨᠢᠭᠡᠳᠦᠯᠲᠡᠢ | ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠳᠣᠲᠣᠭᠠᠳᠤ | ᠭᠠᠳᠠᠭᠠᠳᠤ ᠨᠡᠭᠡᠭᠡᠯᠲᠡ ᠶᠢ ᠤᠶᠠᠯᠳᠤᠭᠤᠯᠬᠤ ᠶᠢ ᠪᠠᠷᠢᠮᠲᠠᠯᠠᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠶᠢᠨ ᠰᠢᠨ᠎ᠡ ᠨᠡᠪᠲᠡᠷᠡᠬᠦ ᠵᠠᠮ ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠷᠠᠪ ᠤᠨ ᠤᠯᠤᠰ ᠤᠳ ᠯᠤᠭ᠎ᠠ ᠶᠢᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠳᠣᠲᠣᠭᠠᠳᠤ ᠡᠬᠡ ᠬᠠᠭᠤᠷᠠᠢ ᠶᠢᠨ ᠨᠡᠭᠡᠭᠡᠯᠲᠡ ᠶᠢᠨ | ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠬᠠᠳᠤᠨ ᠭᠤᠣᠯ ᠪᠣᠯᠣᠨ ᠠᠯᠠᠱᠠ ᠠᠭᠤᠯᠠ᠂ ᠯᠢᠦ ᠫᠠᠨ ᠱᠠᠨ | ᠠᠭᠤᠯᠠ᠂ ᠯᠥᠸᠧ ᠱᠠᠨ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ | ᠨᠢᠩᠰᠢᠶᠠ ᠶᠢᠨ ᠥᠭᠡᠷᠡᠴᠢᠯᠡᠯᠲᠡ ᠬᠥᠭᠵᠢᠯᠲᠡ ᠶᠢ ᠲᠥᠯᠥᠪᠵᠢᠭᠦᠯᠬᠦ ᠰᠠᠭᠤᠷᠢ ᠪᠤᠯᠬᠤ ᠪᠠᠷᠢᠮᠵᠢᠶ᠎ᠠ ᠪᠣᠯᠣᠨ᠎ᠠ᠂ ᠡᠬᠢ | ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠤᠨ ᠪᠡᠶᠡᠯᠡᠭᠳᠡᠯ ᠤᠨ ᠲᠣᠭᠲᠠᠴᠠ ᠪᠣᠯᠣᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠬᠦ ᠬᠡᠷᠡᠭᠲᠡᠢ᠃ ᠬᠠᠲᠤᠨ ᠭᠤᠣᠯ ᠤᠨ | ᠶᠡᠭᠡ ᠲᠣᠬᠤᠢ ᠣᠷᠣᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠢ ᠰᠢᠭᠤᠢ᠂ ᠨᠤᠲᠤᠭ | ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ ᠢ ᠬᠠᠮᠠᠭᠠᠯᠠᠨ ᠰᠡᠷᠭᠦᠭᠡᠬᠦ ᠪᠠ ᠬᠤᠵᠢᠷᠯᠢᠭ ᠭᠠᠵᠠᠷ ᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠠᠷᠤ ᠭᠠᠵᠠᠷ ᠤᠨ ᠵᠢᠶᠠᠩᠨᠠᠨ︾ ᠢ | ᠶᠠᠪᠤᠬᠤ ᠲᠤᠳᠤᠮ ᠦᠵᠡᠰᠬᠦᠯᠡᠩᠲᠦ ᠰᠠᠶᠢᠬᠠᠨ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠦᠭᠡᠮᠡᠯ ᠭᠦᠷᠳᠡᠭᠡᠮᠵᠢᠲᠦ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠦᠢᠯᠡᠰ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠠᠵᠢᠯ ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠣᠶᠤᠲᠠᠨ᠂ ᠬᠥᠯᠥᠰᠦᠨ ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ | ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠬᠤᠲᠠ ᠶᠢᠨ ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠲᠡᠢ᠃ ᠬᠥᠮᠥᠨ ᠠᠮᠠ ᠶᠢᠨ ᠰᠢᠯᠵᠢᠯᠲᠡ ᠶᠢᠨ ᠬᠠᠨᠳᠤᠰᠢ ᠳᠤ | ᠵᠣᠬᠢᠴᠠᠭᠤᠯᠤᠨ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ ᠠᠵᠤ | ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ | ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠵᠤ᠂ ᠵᠠᠭᠤᠨ ᠲᠦᠮᠡᠨ ᠨᠡᠭᠦᠳᠡᠯ ᠠᠷᠠᠳ ᠢ ᠪᠠᠶᠠᠵᠢᠭᠤᠯᠤᠨ ᠲᠡᠭᠡᠭᠰᠢᠯᠡᠭᠦᠯᠭᠦ ᠠᠵᠢᠯᠯᠠᠭ᠎ᠠ ᠶᠢ | ᠰᠠᠶᠢᠲᠤᠷ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ | ᠲᠣᠰᠬᠤᠨ ᠤ ᠪᠣᠯᠬᠢ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠭ ᠲᠣᠭᠲᠠᠭᠠᠨ ᠬᠠᠪᠰᠤᠷᠤᠨ | ᠲᠡᠳᠬᠦᠬᠦ᠂ ᠨᠡᠶᠢᠭᠡᠮ ᠠᠴᠠ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠬᠡᠪᠴᠢᠶᠡᠵᠢᠯ ᠤᠨ ᠴᠢᠨᠠᠷᠲᠠᠢ ᠲᠠᠭᠢᠨ | ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ | ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠬᠠᠷᠢᠯᠴᠠᠨ ᠠᠭᠤᠰᠤᠯᠴᠠᠬᠤ ᠮᠠᠶ᠋ᠢᠭ ᠤᠨ | ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠦᠴᠦᠯᠡᠨ ᠪᠠᠶᠢᠭᠤᠯᠵᠤ᠂ | ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠲᠠᠰᠤᠷᠠᠯᠲᠠ | ᠦᠭᠡᠢ ᠥᠷᠭᠡᠳᠬᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠪᠠ | ᠴᠢᠭᠯᠡᠯᠲᠡ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠡᠲᠡᠭᠡᠳ ᠢ | ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠦᠭᠦ ᠨᠠᠮ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠨᠠᠮ ᠤᠨ ᠭᠡᠰᠢᠭᠦᠨ᠂ | ᠺᠠᠳ᠋ᠷᠴᠤᠳ ᠤᠨ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠬᠤ ᠶᠢ ᠠᠬᠢᠭᠤᠯᠵᠤ᠂ | ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠡᠳᠬᠢᠯ ᠠᠮᠤᠷ | ᠠᠵᠢᠯᠯᠠᠵᠤ᠂ ᠵᠣᠷᠢᠭᠲᠠᠢ ᠪᠠᠷ ᠠᠵᠢᠯᠯᠠᠵᠤ᠂ ᠵᠣᠷᠢᠭᠲᠠᠢ ᠪᠠᠷ ᠡᠷᠡᠮᠡᠬᠡᠶᠢᠯᠡᠨ ᠲᠠᠪᠰᠢᠵᠤ᠂ ᠢᠳᠡᠪᠬᠢᠲᠡᠢ ᠪᠠᠷ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠨᠠᠮᠴᠢ ᠴᠢᠨᠠᠷ᠂ ᠨᠠᠮ ᠤᠨ ᠰᠤᠷᠲᠠᠯ᠂ ᠨᠠᠮ ᠤᠨ ᠰᠠᠬᠢᠯᠭ᠎ᠠ ᠪᠠᠲᠤ ᠶᠢ | ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ | ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ | ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |