6 ᠰᠠᠷ᠎ᠠ ᠶᠢᠨ 25 ᠤ ᠡᠳᠦᠷ᠂ ᠨᠠᠢᠮᠠᠳᠤᠭᠠᠷ ᠣᠨ ᠤ ᠠᠮᠢᠳᠤ ᠪᠣᠳᠠᠰ᠂ ᠭᠠᠵᠠᠷ ᠵᠦᠢ ᠶᠢᠨ ᠰᠢᠨᠵᠢᠯᠡᠭᠡᠨ ᠤ | ᠰᠤᠷᠤᠯᠭ᠎ᠠ ᠲᠡᠭᠦᠰᠬᠦ ᠰᠢᠯᠭᠠᠯᠲᠠ ᠶᠢᠨ ᠶᠠᠪᠤᠭᠳᠠᠬᠤ ᠶᠢ ᠳᠠᠭᠠᠯᠳᠤᠨ᠂ ᠬᠦᠷᠢᠶ᠎ᠡ ᠬᠤᠰᠢᠭᠤᠨ ᠤ 2024 ᠣᠨ ᠤ | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠵᠢᠩᠬᠢᠨᠢ ᠪᠠᠷ ᠡᠬᠢᠯᠡᠪᠡ᠃ ᠡᠨᠡ ᠵᠢᠯ ᠤᠨ | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠴᠠᠭ ᠨᠢ 6 ᠰᠠᠷ᠎ᠠ ᠶᠢᠨ 25 ᠤ | ᠡᠳᠦᠷ ᠠᠴᠠ 28 ᠤ ᠡᠳᠦᠷ ᠪᠣᠯᠲᠠᠯ᠎ᠠ ᠶᠠᠪᠤᠭᠳᠠᠵᠤ᠂ ᠬᠦᠷᠢᠶ᠎ᠡ ᠬᠤᠰᠢᠭᠤᠨ ᠤ ᠰᠣᠷᠣᠭᠴᠢ ᠨᠡᠶᠢᠲᠡ 2691 ᠨᠡᠷᠡᠰ | ᠰᠣᠷᠣᠭᠴᠢ ᠰᠢᠯᠭᠠᠯᠲᠠ ᠳᠤ ᠣᠷᠣᠯᠴᠠᠵᠤ᠂ ᠡᠭᠦᠨ ᠳᠤ ᠶᠢᠰᠦᠳᠦᠭᠡᠷ ᠣᠨ ᠤ ᠰᠤᠷᠭᠠᠭᠤᠯᠢ ᠳᠡᠪᠰᠢᠬᠦ ᠰᠢᠯᠭᠠᠯᠲᠠ ᠳᠤ | 1376 ᠨᠡᠷᠡᠰ ᠰᠣᠷᠣᠭᠴᠢ ᠨᠡᠷ᠎ᠡ ᠮᠡᠳᠡᠭᠦᠯᠵᠦ᠂ ᠨᠠᠢᠮᠠᠳᠤᠭᠠᠷ ᠣᠨ ᠤ ᠠᠮᠢᠳᠤ ᠪᠣᠳᠠᠰ᠂ ᠭᠠᠵᠠᠷ ᠵᠦᠶ ᠶᠢᠨ | ᠰᠤᠷᠤᠯᠭ᠎ᠠ ᠲᠡᠭᠦᠰᠬᠦ ᠰᠢᠯᠭᠠᠯᠲᠠ ᠳᠤ 1315 ᠨᠡᠷᠡᠰ ᠰᠣᠷᠣᠭᠴᠢ ᠨᠡᠷ᠎ᠡ ᠮᠡᠳᠡᠭᠦᠯᠪᠡ᠃ | 6 ᠰᠠᠷ᠎ᠠ ᠶᠢᠨ 26 ᠤ ᠡᠳᠦᠷ ᠤᠨ ᠥᠷᠯᠥᠭᠡ ᠶᠢᠨ 7 ᠴᠠᠭ ᠬᠠᠭᠠᠰ ᠲᠤ᠂ ᠬᠤᠰᠢᠭᠤᠨ ᠤ ᠨᠢᠭᠡᠳᠦᠭᠡᠷ | ᠳᠤᠮᠳᠠᠳᠤ ᠰᠤᠷᠭᠠᠭᠤᠯᠢ᠂ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ | ᠰᠢᠯᠭᠠᠭᠤᠯᠬᠤ ᠵᠥᠪᠰᠢᠶᠡᠷᠡᠯ ᠤᠨ ᠦᠨᠡᠮᠯᠡᠯ᠂ ᠪᠡᠶ᠎ᠡ ᠶᠢᠨ ᠦᠨᠡᠮᠯᠡᠯ ᠢ ᠰᠢᠯᠭᠠᠨ ᠪᠠᠶᠢᠴᠠᠭᠠᠬᠤ ᠵᠡᠷᠭᠡ ᠲᠠᠰ | ᠳᠠᠷᠠᠭᠠᠯᠠᠯ ᠢᠶᠠᠷ ᠳᠡᠮᠵᠢᠨ᠂ ᠰᠤᠷᠭᠠᠭᠤᠯᠢ ᠳᠡᠪᠰᠢᠬᠦ ᠰᠢᠯᠭᠠᠯᠲᠠ ᠳᠤ ᠣᠷᠣᠯᠴᠠᠬᠤ ᠰᠢᠯᠭᠠᠭᠤᠯᠤᠭᠰᠠᠳ ᠡᠮᠬᠢ | ᠵᠢᠷᠤᠮ ᠲᠠᠢ ᠪᠠᠷ ᠰᠢᠯᠭᠠᠯᠲᠠ ᠶᠢᠨ ᠲᠠᠯᠠᠪᠤᠷ ᠲᠤ ᠣᠷᠣᠵᠤ᠂ ᠠᠩᠬᠠᠨ ᠤ ᠰᠢᠯᠭᠠᠯᠲᠠ ᠶᠢ ᠤᠭᠲᠤᠬᠤ ᠪᠠᠷ ᠪᠡᠯᠡᠳᠬᠡᠵᠦ | ᠪᠠᠶᠢᠪᠠ᠃ ᠰᠢᠯᠭᠠᠯᠲᠠ ᠶᠢᠨ ᠲᠠᠯᠠᠪᠤᠷ ᠠᠴᠠ ᠭᠠᠳᠠᠨ᠎ᠠ ᠰᠢᠯᠭᠠᠯᠲᠠ ᠳᠤ ᠣᠷᠣᠯᠴᠠᠭᠰᠠᠳ ᠤᠨ ᠪᠠᠭᠰᠢ ᠪᠣᠯᠤᠨ ᠬᠡᠷ ᠤᠨ | ᠠᠬᠠᠮᠠᠳ ᠨᠠᠷ ᠰᠤᠷᠤᠭᠴᠢᠳ ᠲᠤ ᠡᠷᠴᠢ ᠵᠣᠷᠢᠭ ᠢ ᠨᠢ ᠬᠥᠪᠴᠢᠯᠡᠵᠦ ᠪᠠᠶᠢᠯ᠎ᠠ᠃ | ᠡᠭᠦᠨ ᠠᠴᠠ ᠭᠠᠳᠠᠨ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ᠂ ᠤᠯᠤᠰ ᠤᠨ ᠴᠠᠬᠢᠯᠭᠠᠨ ᠲᠣᠤᠷ ᠤᠨ ᠬᠦᠷᠢᠶ᠎ᠡ ᠬᠤᠰᠢᠭᠤᠨ ᠤ ᠴᠠᠬᠢᠯᠭᠠᠨ | ᠬᠠᠩᠭᠠᠬᠤ ᠺᠣᠮᠫᠠᠨᠢ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠣᠯᠠᠨ ᠰᠠᠯᠠᠭ᠎ᠠ | ᠮᠥᠴᠢᠷ ᠨᠢᠭᠲᠠ ᠬᠠᠮᠵᠢᠯᠴᠠᠨ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠡᠯ᠎ᠡ ᠵᠦᠢᠯ ᠤᠨ ᠪᠠᠲᠤᠯᠠᠭ᠎ᠠ ᠶᠢᠨ | ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ | ᠰᠢᠯᠭᠠᠯᠲᠠ ᠳᠤ ᠪᠥᠬᠦ ᠬᠦᠴᠦᠨ ᠢᠶᠠᠷ ᠢᠶᠠᠨ ᠪᠠᠲᠤᠯᠠᠭ᠎ᠠ ᠬᠠᠩᠭᠠᠪᠠ᠃ | ᠣᠶᠢᠯᠠᠭᠠᠭᠰᠠᠨ ᠢᠶᠠᠷ᠂ ᠡᠨᠡ ᠵᠢᠯ ᠪᠥᠬᠦ ᠬᠤᠰᠢᠭᠤᠨ ᠳᠤ ᠨᠡᠶᠢᠲᠡ 2 ᠰᠢᠯᠭᠠᠯᠲᠠ ᠶᠢᠨ ᠴᠡᠭ ᠭᠠᠷᠭᠠᠵᠤ᠂ ᠲᠣᠰ | ᠲᠣᠰ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ᠂ ᠬᠤᠰᠢᠭᠤᠨ ᠤ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠪᠠᠶᠢᠵᠤ᠂ ᠶᠢᠰᠦᠳᠦᠭᠡᠷ ᠣᠨ ᠤ ᠰᠤᠷᠭᠠᠭᠤᠯᠢ ᠳᠡᠪᠰᠢᠬᠦ | ᠰᠢᠯᠭᠠᠯᠲᠠ ᠳᠤ 46 ᠰᠢᠯᠭᠠᠯᠲᠠ ᠶᠢᠨ ᠲᠠᠯᠠᠪᠠᠶ ᠲᠣᠬᠢᠷᠠᠭᠤᠯᠵᠤ᠂ ᠨᠠᠢᠮᠠᠳᠤᠭᠠᠷ ᠣᠨ ᠤ ᠬᠠᠮᠲᠤᠷᠠᠭᠰᠠᠨ | ᠰᠢᠯᠭᠠᠯᠲᠠ ᠳᠤ 44 ᠰᠢᠯᠭᠠᠯᠲᠠ ᠶᠢᠨ ᠲᠠᠯᠠᠪᠠᠶ ᠲᠣᠬᠢᠷᠠᠭᠤᠯᠪᠠ᠃ |