ᠪᠥᠬᠦ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/28
  6 ᠰᠠᠷ᠎ᠠ ᠶᠢᠨ 27 ᠤ ᠡᠳᠦᠷ᠂ ᠪᠥᠬᠦ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠪᠥᠬᠦᠳᠡ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠢ ᠱᠤᠸᠠᠩ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ 2023 ᠣᠨ ᠵᠢᠴᠢ 2024 ᠣᠨ ᠤ 1—5 ᠰᠠᠷ᠎ᠠ ᠠᠴᠠ ᠨᠠᠰᠢᠬᠢ ᠮᠠᠨ ᠤ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠮᠠᠨ ᠤ ᠬᠤᠰᠢᠭᠤᠨ ᠳᠤ ᠲᠤᠯᠭᠠᠷᠠᠵᠤ ᠪᠠᠶᠢᠭ᠎ᠠ ᠠᠵᠢᠯ ᠤᠨ ᠪᠠᠶᠢᠳᠠᠯ ᠢ ᠭᠦᠨᠵᠡᠭᠡᠶ ᠵᠠᠳᠠᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠴᠢᠬᠤᠯᠠᠴᠢᠯᠠᠵᠤ᠂ ︽ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠵᠠᠰᠠᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠠᠬᠢᠭᠤᠯᠬᠤ ᠶᠢ ᠪᠠᠷᠢᠮᠲᠠᠯᠠᠵᠤ᠂ ᠮᠡᠷᠭᠡᠵᠢᠯ ᠤᠨ ᠰᠡᠷᠭᠡᠶᠢᠯᠡᠯᠲᠡ᠂ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠬᠤ᠂ ᠪᠡᠯᠡ ᠮᠥᠩᠭᠦ ᠶᠢ ᠰᠢᠢᠳᠪᠦᠷᠢᠯᠡᠬᠦ᠂ ᠤᠬᠠᠭᠤᠯᠵᠤ ᠰᠡᠷᠭᠡᠶᠢᠯᠡᠬᠦ ᠪᠠ ᠡᠬᠢ ᠡᠭᠦᠰᠦᠯ ᠠᠴᠠ ᠨᠢ ᠵᠠᠰᠠᠬᠤ ︽ᠬᠠᠯᠬᠠᠪᠴᠢ︾ ᠶᠢ ᠪᠠᠲᠤ ᠪᠠᠬᠢ ᠪᠣᠯᠭᠠᠵᠤ᠂ ᠪᠦᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ ᠨᠢᠭᠡᠴᠡ ᠬᠠᠮᠵᠢᠯᠴᠠᠭ᠎ᠠ ᠪᠠᠨ ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠲᠣᠳᠣᠷᠬᠠᠶ᠂ ᠬᠠᠮᠵᠢᠯᠴᠠᠨ ᠬᠠᠮᠲᠤᠷᠠᠯᠴᠠᠬᠤ᠂ ᠨᠢᠭᠲᠠ ᠵᠣᠯᠭᠠᠭᠤᠯᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠴᠣᠬᠢᠯᠲᠠ ᠥᠭᠴᠦ ᠵᠠᠰᠠᠬᠤ ᠰᠢᠰᠲ᠋ᠧᠮ ᠢ ᠪᠠᠶᠢᠭᠤᠯᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠢᠭᠡᠳᠦᠯᠲᠡᠢ ᠮᠡᠬᠡᠯᠡᠯ ᠢ ᠡᠰᠡᠷᠭᠦᠴᠡᠬᠦ ᠠᠵᠢᠯ ᠤᠨ ᠪᠠᠶᠢᠷᠢᠰᠢᠯ ᠢ ᠲᠦᠷᠭᠡᠨ ᠪᠣᠶ ᠪᠣᠯᠭᠠᠵᠤ᠂ ᠪᠥᠬᠦ ᠬᠤᠰᠢᠭᠤᠨ ᠤ ᠮᠡᠬᠡᠯᠡᠯ ᠢ ᠡᠰᠡᠷᠭᠦᠴᠡᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号