ᠪᠥᠬᠦ ᠬᠤᠰᠢᠭᠤᠨ ᠤ ᠬᠤᠣᠷᠲᠤ ᠡᠳ᠋ ᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/28
   6 ᠰᠠᠷ᠎ᠠ ᠶᠢᠨ 27 ᠤ ᠡᠳᠦᠷ᠂ ᠪᠥᠬᠦ ᠬᠤᠰᠢᠭᠤᠨ ᠤ ᠬᠤᠣᠷᠲᠤ ᠡᠳ᠋ ᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠢ ᠱᠤᠸᠠᠩ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ 2023 ᠣᠨ ᠤ ᠪᠥᠬᠦ ᠬᠤᠰᠢᠭᠤᠨ ᠤ ᠬᠤᠣᠷᠲᠤ ᠡᠳ᠋ ᠢ ᠴᠠᠭᠠᠵᠠᠯᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠬᠤᠣᠷᠲᠤ ᠡᠳ᠋ ᠢ ᠴᠠᠭᠠᠵᠠᠯᠠᠬᠤ ᠪᠠᠶᠢᠳᠠᠯ ᠢ ᠵᠠᠳᠠᠯᠵᠤ᠂ 2024 ᠣᠨ ᠤ ᠬᠤᠣᠷᠲᠤ ᠡᠳ᠋ ᠢ ᠴᠠᠭᠠᠵᠠᠯᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠢᠴᠡᠳ ᠰᠤᠷᠤᠯᠴᠠᠨ ᠣᠶᠢᠯᠠᠭᠠᠵᠤ᠂ ᠬᠤᠤᠷᠲᠤ ᠡᠳ᠋ ᠢ ᠴᠠᠭᠠᠵᠠᠯᠠᠬᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠤᠤᠷᠲᠤ ᠡᠳ᠋ ᠢ ᠴᠠᠭᠠᠵᠠᠯᠠᠬᠤ ᠠᠵᠢᠯ ᠤᠨ ᠪᠠᠶᠢᠷᠢᠰᠢᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠤᠷᠲᠤ ᠡᠳ᠋ ᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠤᠷᠲᠤ ᠡᠳ᠋ ᠢ ᠴᠠᠭᠠᠵᠠᠯᠠᠬᠤ ᠠᠵᠢᠯ ᠢ ᠦᠷᠭᠦᠯᠵᠢᠯᠡᠨ ᠪᠠᠬᠢᠵᠢᠭᠦᠯᠵᠦ᠂ ᠬᠤᠤᠷᠲᠤ ᠡᠳ᠋ ᠢ ᠴᠠᠭᠠᠵᠠᠯᠠᠬᠤ ᠨᠡᠶᠢᠭᠡᠮᠴᠢᠯᠡᠭᠰᠡᠨ ᠠᠵᠢᠯ ᠤᠨ ᠬᠠᠮᠲᠤᠷᠠᠯ ᠬᠦᠴᠦᠨ ᠢ ᠪᠠᠶᠢᠭᠤᠯᠤᠨ᠂ ᠲᠠᠷᠢᠬᠤ ᠶᠢ ᠴᠠᠭᠠᠵᠠᠯᠠᠵᠤ ᠬᠤᠤᠷᠲᠤ ᠡᠳ᠋ ᠢ  ᠠᠷᠢᠯᠭᠠᠬᠤ ᠠᠵᠢᠯ ᠢ  ᠦᠷᠭᠦᠯᠵᠢᠯᠡᠨ  ᠭᠦᠨᠵᠡᠭᠡᠶ  ᠰᠠᠶᠢᠲᠤᠷ  ᠠᠳᠬᠤᠬᠤ  ᠬᠡᠷᠡᠭᠲᠡᠶ᠃  ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠤᠰ ᠭᠠᠵᠠᠷ ᠣᠷᠣᠨ ᠤ ᠬᠤᠤᠷᠲᠤ ᠡᠳ᠋ ᠢ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠵᠢᠯᠣᠭᠤᠳᠤᠨ ᠵᠣᠬᠢᠴᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠵᠢᠷᠭᠠᠬᠤ ᠪᠦᠬᠦ ᠠᠷᠠᠳ ᠤᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠰᠢᠨ᠎ᠡ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号