ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠯ ᠤᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/6/28
  6 ᠰᠠᠷ᠎ᠠ ᠶᠢᠨ 27 ᠤ ᠡᠳᠦᠷ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠯ ᠤᠨ ᠠᠵᠢᠯ ᠥᠷᠨᠢᠭᠦᠯᠵᠦ᠂ ᠵᠡᠭᠡᠯᠢ ᠳᠠᠭᠠᠤ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ ᠴᠡᠭ ᠲᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠪᠣᠷᠣᠯᠠᠭᠤᠯᠭ᠎ᠠ ᠶᠢᠨ ᠭᠠᠵᠠᠷ ᠤᠨ ᠬᠠᠷᠢᠭᠤᠴᠠᠯᠭᠠᠲᠠᠨ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠰᠢᠯᠲᠠᠭᠠᠨ ᠵᠢᠴᠢ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠲᠠᠶᠢᠯᠪᠤᠷᠢᠯᠠᠨ ᠥᠭᠴᠦ᠂ ᠬᠤᠳᠠᠯᠳᠤᠭᠠᠴᠢᠳ ᠢ ᠬᠥᠲᠥᠯᠦᠨ ᠵᠢᠯᠣᠭᠤᠳᠴᠤ ᠵᠢᠩᠬᠢᠨᠢ ᠦᠢᠯᠡᠳᠪᠦᠷᠢ ᠶᠢᠨ ᠬᠢᠷᠢ ᠲᠡᠩᠴᠡᠭᠰᠡᠨ ᠦᠢᠯᠡᠳᠭᠦᠨ ᠢ ᠪᠣᠷᠣᠯᠠᠭᠤᠯᠬᠤ ᠶᠢᠨ ᠬᠠᠮᠲᠤ ᠬᠡᠷᠡᠭᠯᠡᠭᠴᠢᠳ ᠲᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠰᠠᠨ ᠭᠠᠵᠠᠷ ᠲᠤ ᠴᠠᠬᠢᠯᠭᠠᠨ ᠴᠡᠨᠡᠭᠯᠡᠵᠦ᠂ ᠥᠪᠡᠷ ᠲᠡᠭᠡᠨ ᠴᠠᠬᠢᠯᠭᠠᠨ ᠤᠲᠠᠰᠤ ᠲᠠᠲᠠᠵᠤ ᠭᠠᠯ ᠤᠨ ᠠᠶᠤᠯ ᠡᠭᠦᠰᠬᠦ ᠠᠴᠠ ᠵᠠᠶᠢᠯᠠᠰᠭᠢᠬᠤ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号