ᠵᠠᠮ ᠪᠢᠲᠡᠭᠦᠮᠵᠢᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2024/6/5
  ᠬᠦᠷᠢᠶ᠎ᠡ ᠬᠤᠰᠢᠭᠤᠨ ᠤ ᠮᠣᠬᠤᠷ ᠭᠤᠣᠯ ᠤᠨ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠶᠡᠷᠦᠩᠬᠡᠶ ᠣᠷᠳᠣ ᠨᠢ 620 ᠮᠧᠲᠷ ᠪᠠᠶᠢᠵᠤ᠂ ᠬᠠᠰᠢᠯᠭ᠎ᠠ ᠶᠢᠨ ᠴᠣᠭᠴᠠ ᠪᠤᠶᠤ ᠬᠠᠰᠢᠯᠭ᠎ᠠ ᠶᠢᠨ ᠰᠠᠭᠤᠷᠢ ᠨᠡᠪᠴᠢᠵᠦ ᠡᠪᠳᠡᠭᠳᠡᠬᠦ ᠦᠵᠡᠭᠳᠡᠯ ᠭᠠᠷᠤᠭᠰᠠᠨ ᠠᠴᠠ ᠪᠣᠯᠵᠣ ᠬᠠᠰᠢᠯᠭ᠎ᠠ ᠶᠢᠨ ᠴᠣᠭᠴᠠ ᠨᠢ ᠨᠦᠬᠡ ᠭᠠᠷᠴᠤ᠂ ᠡᠭᠦᠨ ᠤ ᠳᠡᠭᠡᠷ᠎ᠡ ᠬᠠᠰᠢᠯᠭ᠎ᠠ ᠶᠢᠨ ᠳᠡᠭᠡᠷ᠎ᠡ ᠲᠠᠯ᠎ᠠ ᠶᠢᠨ ᠵᠠᠮ ᠢᠶᠠᠷ ᠦᠷᠭᠦᠯᠵᠢ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠨᠡᠪᠲᠡᠷᠡᠵᠦ᠂ ᠬᠠᠰᠢᠯᠭ᠎ᠠ ᠶᠢᠨ ᠣᠷᠣᠶ ᠶᠢᠨ ᠵᠠᠮ ᠨᠢ ᠴᠥᠮᠥᠷᠡᠨ ᠰᠠᠭᠤᠬᠤ ᠪᠠᠶᠢᠳᠠᠯ ᠭᠠᠷᠤᠭᠰᠠᠨ ᠠᠴᠠ᠂ ᠣᠲᠣ ᠲᠣᠰ ᠵᠠᠮ ᠤᠨ ᠬᠡᠰᠡᠭ ᠲᠤ ᠪᠦᠬᠦᠨ ᠢ ᠪᠢᠲᠡᠭᠦᠮᠵᠢᠯᠡᠨ  ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠪᠠᠶᠢᠨ᠎ᠠ᠃    ᠪᠢᠲᠡᠭᠦᠮᠵᠢᠯᠡᠬᠦ ᠴᠠᠭ᠄ 2024 ᠣᠨ ᠤ 6 ᠰᠠᠷ᠎ᠠ ᠶᠢᠨ 10 ᠤ ᠡᠳᠦᠷ ᠠᠴᠠ 2024 ᠣᠨ ᠤ 12 ᠰᠠᠷ᠎ᠠ ᠶᠢᠨ 30 ᠤ ᠡᠳᠦᠷ ᠪᠣᠯᠲᠠᠯ᠎ᠠ    ᠪᠢᠲᠡᠭᠦᠮᠵᠢᠯᠡᠬᠦ ᠵᠠᠮ᠄ ᠰᠠᠨ ᠳ᠋ᠤᠤ ᠸᠠ ᠶᠢᠨ ᠡᠮᠨᠡᠯᠭᠡ ᠶᠢᠨ ᠬᠤᠷᠢᠶ᠎ᠠ— ᠮᠣᠬᠤᠷ ᠭᠤᠣᠯ ᠤᠰᠤᠨ ᠴᠥᠭᠦᠷᠥᠮ ᠤᠨ ᠬᠠᠮᠢᠶᠠᠷᠤᠯᠲᠠ ᠶᠢᠨ ᠭᠠᠵᠠᠷ    ᠲᠣᠭᠤᠷᠢᠵᠤ ᠶᠠᠪᠤᠬᠤ ᠵᠠᠮ ᠱᠤᠭᠤᠮ᠄    1 . ᠳᠠᠯᠠᠨ ᠭᠤᠣᠯ ᠲᠣᠰᠬᠤᠨ ᠤ ᠠᠮᠠᠰᠠᠷ— ᠶᠤᠸᠠᠨ ᠵᠢᠶᠠ ᠸᠧ ᠫᠦ ᠲᠣᠰᠬᠤᠨ— ᠰᠠᠨ ᠳ᠋ᠤᠤ ᠸᠠ ᠲᠣᠰᠬᠤᠨ᠂ ᠲᠤᠰ ᠵᠠᠮ ᠨᠢ ᠲᠣᠰᠬᠤᠨ ᠪᠣᠯᠭᠠᠨ ᠳᠤ ᠨᠡᠪᠲᠡᠷᠡᠬᠦ ᠱᠦᠢᠨᠢ ᠵᠠᠮ  ᠪᠣᠯᠤᠨ᠎ᠠ᠃      2 . ᠯᠢᠦ ᠵᠢᠶᠠᠽᠢ ᠪᠠᠯᠭᠠᠰᠤ ᠠᠴᠠ ᠰᠠᠨ ᠳ᠋ᠤᠤ ᠸᠠ ᠲᠣᠰᠬᠤᠨ ᠳᠤ ᠬᠦᠷᠬᠦ ᠲᠣᠮᠣ ᠬᠡᠯᠪᠡᠷᠢ ᠶᠢᠨ ᠵᠢᠴᠢ ᠪᠠᠭ᠎ᠠ ᠬᠡᠯᠪᠡᠷᠢ ᠶᠢᠨ ᠲᠡᠷᠭᠡ ᠬᠥᠰᠬᠡ ᠯᠢᠦ ᠵᠢᠶᠠᠽᠢ ᠣᠢ ᠰᠢᠭᠤᠶ ᠶᠢᠨ ᠲᠠᠯᠠᠪᠠᠢ ᠵᠢᠴᠢ ᠱᠣ᠋ ᠯᠢᠨ ᠽᠢ ᠲᠣᠰᠬᠤᠨ ᠤ ᠵᠠᠮ ᠢᠶᠠᠷ ᠲᠣᠭᠤᠷᠢᠵᠤ ᠶᠠᠪᠤᠵᠤ ᠪᠣᠯᠤᠨ᠎ᠠ᠃    3 . ᠰᠠᠨ ᠳ᠋ᠤᠤ ᠸᠠ ᠲᠣᠰᠬᠤᠨ ᠠᠴᠠ ᠯᠢᠦ ᠵᠢᠶᠠᠽᠢ ᠪᠠᠯᠭᠠᠰᠤ ᠬᠦᠷᠬᠦ ᠲᠣᠮᠣ ᠬᠡᠯᠪᠡᠷᠢ ᠶᠢᠨ ᠵᠢᠴᠢ ᠵᠢᠵᠢᠭ ᠬᠡᠯᠪᠡᠷᠢ ᠶᠢᠨ ᠲᠡᠷᠭᠡ ᠬᠥᠰᠬᠡ ᠨᠢ  ᠱᠤ᠋ ᠯᠢᠨ ᠽᠢ ᠲᠣᠰᠬᠤᠨ ᠵᠢᠴᠢ ᠯᠢᠦ ᠵᠢᠶᠠᠽᠢ ᠣᠶ ᠰᠢᠭᠤᠶ ᠶᠢᠨ ᠲᠠᠯᠠᠪᠠᠶ ᠶᠢᠨ ᠵᠠᠮ ᠢᠶᠠᠷ ᠲᠣᠭᠤᠷᠢᠵᠤ ᠶᠠᠪᠤᠵᠤ ᠪᠣᠯᠤᠨ᠎ᠠ᠃    ᠪᠢᠲᠡᠭᠦᠮᠵᠢᠯᠡᠭᠰᠡᠨ ᠬᠤᠭᠤᠴᠠᠭᠠᠨ ᠳᠤ ᠵᠠᠮ ᠲᠦᠭᠵᠢᠷᠡᠬᠦ ᠦᠵᠡᠭᠳᠡᠯ ᠭᠠᠷᠴᠤ ᠮᠡᠳᠡᠨ᠎ᠡ᠂ ᠨᠠᠭᠠᠰᠢ ᠴᠠᠭᠠᠰᠢ ᠥᠩᠭᠡᠷᠡᠬᠦ ᠲᠡᠷᠭᠡ ᠲᠣᠭᠤᠷᠢᠵᠤ ᠶᠠᠪᠤᠭᠠᠷᠠᠶ᠃ ᠲᠠᠨ ᠳᠤ ᠠᠮᠢᠳᠤᠷᠠᠯ ᠳᠤ ᠬᠠᠷᠰᠢ ᠰᠠᠭᠠᠳ ᠠᠪᠴᠢᠷᠠᠭᠰᠠᠨ ᠢ ᠠᠭᠤᠴᠢᠯᠠᠭᠠᠷᠠᠶ︕              ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ              ᠬᠦᠷᠢᠶ᠎ᠡ  ᠬᠤᠰᠢᠭᠤᠨ   ᠤ  ᠵᠠᠮ  ᠬᠠᠷᠢᠯᠴᠠᠭ᠎ᠠ  ᠲᠡᠭᠡᠭᠡᠪᠦᠷᠢ   ᠶᠢᠨ    ᠲᠤᠪᠴᠢᠶ᠎ᠠ
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号