︽ᠬᠦᠷᠢᠶ᠎ᠡ ᠬᠤᠰᠢᠭᠤᠨ ᠤ ᠬᠤᠲᠠ ᠬᠥᠳᠡᠭᠡ ᠶᠢᠨ ᠠᠷᠢᠭᠤᠨ ᠴᠡᠪᠡᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/5
    ᠨᠢᠭᠡ᠂ ᠠᠬᠤᠶ ᠪᠠᠶᠢᠳᠠᠯ ᠵᠢᠴᠢ ᠶᠠᠪᠤᠴᠠ    ᠬᠦᠷᠢᠶ᠎ᠡ ᠬᠤᠰᠢᠭᠤᠨ ᠤ ᠪᠠᠯᠭᠠᠰᠤᠨ ᠤ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠴᠡᠪᠡᠷ ᠴᠡᠮᠴᠡᠭᠡᠷ ᠭᠤᠶᠢᠳᠠ ᠰᠠᠶᠢᠬᠠᠨ ᠪᠣᠯᠪᠠᠰᠤᠨ ᠡᠮᠬᠢ ᠵᠢᠷᠤᠮ ᠲᠠᠢ ᠪᠠᠯᠭᠠᠰᠤᠨ ᠤ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠵᠤ᠂ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠦᠭᠡ᠂ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠦᠷᠢᠶ᠎ᠡ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠡᠯ᠎ᠡ ᠪᠠᠶᠢᠭᠤᠯᠭ᠎ᠠ ᠨᠢᠭᠡᠴᠢ ᠲᠠᠢ ᠬᠠᠮᠲᠤᠷᠠᠭᠰᠠᠨ ᠬᠤᠷᠠᠯ ᠬᠤᠷᠠᠯᠳᠤᠭᠤᠯᠵᠤ ᠶᠠᠷᠢᠯᠴᠠᠨ ᠲᠡᠭᠦᠯᠳᠡᠷᠵᠢᠭᠦᠯᠵᠦ᠂ ᠳᠠᠬᠢᠨ ᠳᠠᠪᠲᠠᠨ ᠵᠠᠰᠠᠪᠤᠷᠢ ᠣᠷᠣᠭᠤᠯᠤᠭᠰᠠᠨ ᠪᠥᠭᠡᠳ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ︽ᠬᠦᠷᠢᠶ᠎ᠡ ᠬᠤᠰᠢᠭᠤᠨ ᠤ ᠬᠤᠲᠠ ᠬᠥᠳᠡᠭᠡ ᠶᠢᠨ ᠠᠷᠢᠭᠤᠨ ᠴᠡᠪᠡᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠪᠦᠷᠢᠯᠳᠦᠭᠦᠯᠪᠡ᠃    ᠬᠤᠶᠠᠷ᠂ ᠵᠢᠷᠤᠮᠯᠠᠬᠤ ᠵᠠᠷᠴᠢᠮ    ︽ᠬᠦᠷᠢᠶ᠎ᠡ ᠬᠤᠰᠢᠭᠤᠨ ᠤ ᠬᠤᠲᠠ ᠬᠥᠳᠡᠭᠡ ᠶᠢᠨ ᠠᠷᠢᠭᠤᠨ ᠴᠡᠪᠡᠷ ᠤᠨ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾ ᠨᠢ᠂ ᠬᠦᠷᠢᠶ᠎ᠡ ᠬᠤᠰᠢᠭᠤᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠬᠤ ᠶᠢᠨ ᠬᠠᠮᠲᠤ ᠳᠣᠤᠷᠠᠬᠢ ᠲᠠᠪᠤᠨ ᠵᠠᠷᠴᠢᠮ ᠢ ᠵᠢᠷᠤᠮᠯᠠᠨ᠎ᠠ᠄    ︵ᠨᠢᠭᠡ︶ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠢ ᠪᠠᠷᠢᠮᠲᠠᠯᠠᠨ᠎ᠠ    ᠲᠥᠰᠦᠯ ᠨᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠪᠠᠷᠢᠮᠲᠠᠯᠠᠵᠤ᠂ ᠡᠯ᠎ᠡ ᠪᠠᠶᠢᠭᠤᠯᠭ᠎ᠠ ᠨᠢᠭᠡᠴᠢ ᠨᠢ ᠬᠠᠷᠢᠭᠤᠴᠠᠯᠭ᠎ᠠ ᠶᠢᠨ ᠭᠤᠤᠯ ᠴᠣᠭᠴᠠ ᠪᠣᠯᠵᠣ᠂ ᠭᠤᠤᠯ ᠬᠠᠷᠢᠭᠤᠴᠠᠯᠭᠠᠲᠠᠨ ᠨᠥᠬᠦᠳ ︽ᠨᠢᠭᠡᠳᠦᠭᠡᠷ ᠹᠷᠣᠨᠲ ᠤᠨ ᠶᠡᠷᠦᠩᠬᠡᠶ ᠵᠢᠯᠣᠭᠤᠳᠣᠭᠴᠢ︾ ᠪᠣᠯᠵᠣ᠂ ᠴᠡᠭᠴᠡᠯᠡᠨ ᠵᠠᠰᠠᠬᠤ ᠭᠤᠤᠯᠳᠠᠯᠭ᠎ᠠ ᠶᠢ ᠲᠣᠳᠣᠷᠬᠠᠶᠢᠯᠠᠨ᠂ ᠡᠯ᠎ᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠤᠨ᠂ ᠡᠮᠦᠨᠡᠬᠢ ᠬᠤᠭᠤᠴᠠᠭᠠᠨ ᠤ ᠪᠠᠶᠢᠷᠢᠯᠠᠭᠤᠯᠤᠯᠲᠠ᠂ ᠳᠤᠮᠳᠠ ᠬᠤᠭᠤᠴᠠᠭᠠᠨ ᠤ ᠠᠬᠢᠭᠤᠯᠬᠤ᠂ ᠰᠡᠭᠦᠯᠴᠢ ᠶᠢᠨ ᠬᠤᠭᠤᠴᠠᠭᠠᠨ ᠤ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃    ︵ᠬᠤᠶᠠᠷ︶ ᠰᠠᠯᠠᠭ᠎ᠠ ᠮᠦᠴᠢᠷ ᠬᠠᠮᠵᠢᠯᠴᠠᠬᠤ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠵᠠᠷᠴᠢᠮ ᠢ ᠪᠠᠷᠢᠮᠲᠠᠯᠠᠨ᠎ᠠ    ᠲᠥᠰᠦᠯ ᠳᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠮᠲᠤ ᠪᠠᠷ ᠬᠠᠮᠵᠢᠯᠴᠠᠵᠤ᠂ ᠬᠤᠲᠠ ᠬᠥᠳᠡᠭᠡ ᠶᠢᠨ ᠠᠷᠢᠭᠤᠨ ᠴᠡᠪᠡᠷ ᠤᠨ ᠠᠵᠢᠯᠯᠠᠭ᠎ᠠ ᠶᠢ ᠲᠣᠰ ᠨᠢᠭᠡᠴᠢ ᠶᠢᠨ ᠢᠶᠠᠨ ᠠᠵᠢᠯ ᠤᠨ ᠠᠭᠤᠯᠭ᠎ᠠ ᠲᠠᠢ ᠨᠢᠭᠲᠠ ᠤᠶᠠᠯᠳᠤᠭᠤᠯᠵᠤ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃    ︵ᠭᠤᠷᠪᠠ︶ ᠥᠷᠭᠡᠨ ᠳᠡᠯᠭᠡᠷᠡᠩᠭᠦᠢ ᠪᠠᠷ ᠳᠠᠶᠢᠴᠢᠯᠠᠬᠤ᠂ ᠪᠦᠬᠦ ᠠᠷᠠᠳ ᠢᠶᠠᠷ ᠢᠶᠠᠨ ᠣᠷᠤᠯᠴᠠᠬᠤ ᠵᠠᠷᠴᠢᠮ ᠢ ᠪᠠᠷᠢᠮᠲᠠᠯᠠᠨ᠎ᠠ    ᠲᠥᠰᠦᠯ ᠳᠤ ᠡᠯ᠎ᠡ ᠵᠦᠢᠯ ᠤᠨ ᠵᠠᠭᠤᠴᠢᠯᠠᠭᠤᠷ ᠤᠨ ᠤᠬᠠᠭᠤᠯᠭ᠎ᠠ ᠶᠢᠨ ᠦᠢᠯᠡᠳᠦᠯ ᠢ ᠭᠦᠢᠴᠡᠳ ᠠᠰᠢᠭᠯᠠᠵᠤ᠂ ᠲᠣᠰ ᠤᠳᠠᠭᠠᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠶᠡᠬᠡᠪᠡᠷ ᠮᠡᠳᠡᠭᠡᠯᠡᠵᠦ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠲᠠᠢ ᠪᠣᠯᠭᠠᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠳᠠᠳᠬᠠᠯ ᠲᠠᠢ ᠪᠣᠯᠭᠠᠵᠤ᠂ ᠣᠷᠴᠢᠨ ᠠᠬᠤᠶ ᠶᠢ ᠴᠡᠭᠴᠡᠯᠡᠨ ᠵᠠᠰᠠᠬᠤ ᠪᠠ ᠦᠵᠡᠯᠲᠡ ᠪᠠᠨ ᠬᠤᠪᠢᠷᠠᠭᠤᠯᠬᠤ ᠶᠢ ᠬᠠᠷᠢᠯᠴᠠᠨ ᠤᠶᠠᠯᠳᠤᠭᠤᠯᠵᠤ᠂ ᠬᠠᠮᠲᠤᠪᠠᠷ ᠵᠠᠰᠠᠬᠤ᠂ ᠬᠠᠮᠲᠤᠪᠠᠷ ᠪᠠᠶᠢᠭᠤᠯᠬᠤ᠂ ᠬᠠᠮᠲᠤᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠦ ᠳᠤᠷᠠᠳᠪᠠ᠃    ︵ᠲᠦᠷᠪᠡ︶ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠥᠷᠥᠯ ᠬᠤᠪᠢᠶᠠᠨ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ    ᠲᠥᠰᠦᠯ ᠳᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠠᠯᠲᠠ ᠪᠠᠨ ᠰᠢᠨᠵᠢᠯᠡᠬᠦ  ᠤᠬᠠᠭᠠᠨᠴᠢ ᠪᠠᠷ  ᠪᠠᠶᠢᠷᠢᠯᠠᠭᠤᠯᠵᠤ᠂ ᠠᠵᠢᠯ ᠤᠨ  ᠡᠭᠦᠷᠭᠡ  ᠪᠠᠨ ᠵᠦᠶ  ᠵᠣᠬᠢᠰᠲᠠᠶ  ᠳᠣᠭᠢᠷᠠᠭᠤᠯᠤᠨ᠂ ᠬᠡᠯᠪᠡᠷᠢᠴᠢ ᠦᠵᠡᠯ᠂ ᠨᠢᠭᠤᠷ ᠲᠠᠯ᠎ᠠ ᠶᠢᠨ ᠢᠨᠵᠧᠨᠧᠷᠢᠩ ᠤᠨ ᠢᠯᠡᠷᠡᠯ ᠭᠠᠷᠭᠠᠵᠤ ᠪᠣᠯᠬᠤ ᠥᠬᠡᠶ᠂ ᠡᠯ᠎ᠡ ᠨᠢᠭᠡᠴᠢ᠂ ᠭᠠᠵᠠᠷ ᠣᠷᠣᠨ ᠤ ᠪᠣᠳᠠᠲᠠᠶ ᠴᠢᠳᠠᠪᠤᠷᠢ ᠪᠠᠷ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃    ︵ᠲᠠᠪᠤ︶ ᠳᠦᠷᠢᠮ ᠳᠣᠭᠲᠠᠭᠠᠯ ᠳᠣᠭᠲᠠᠭᠠᠬᠤ᠂ ᠦᠷᠭᠦᠯᠵᠢ ᠵᠠᠰᠠᠵᠤ ᠤᠷᠲᠤ ᠬᠤᠭᠤᠴᠠᠭ᠎ᠠ ᠪᠦᠲᠦᠮᠵᠢᠲᠡᠢ ᠪᠠᠶᠢᠬᠤ ᠵᠠᠷᠴᠢᠮ ᠢ ᠪᠠᠷᠢᠮᠳᠠᠯᠠᠨ᠎ᠠ    ᠲᠥᠰᠦᠯ ᠳᠤ ᠡᠯ᠎ᠡ ᠰᠠᠯᠠᠭ᠎ᠠ ᠮᠥᠴᠢᠷ ᠢ ᠵᠣᠷᠢᠭᠵᠢᠭᠤᠯᠤᠨ ᠠᠷᠭ᠎ᠠ ᠮᠠᠶ᠋ᠢᠭ ᠤᠨ ᠲᠠᠯ᠎ᠠ ᠪᠠᠷ ᠢᠳᠡᠪᠬᠢᠲᠡᠶ ᠪᠠᠷ ᠰᠢᠨ᠎ᠡ ᠶᠢ ᠡᠭᠦᠳᠴᠦ᠂ ᠬᠤᠲᠠ ᠬᠥᠳᠡᠭᠡ ᠶᠢᠨ ᠠᠷᠢᠭᠤᠨ ᠴᠡᠪᠡᠷ ᠤᠨ ᠠᠵᠢᠯᠯᠠᠭ᠎ᠠ ᠶᠢ ᠪᠣᠯᠪᠠᠰᠤᠨ ᠬᠤᠲᠠ ᠶᠢ ᠪᠠᠶᠢᠭᠤᠯᠬᠤ ᠵᠡᠷᠭᠡ ᠠᠵᠢᠯ ᠲᠠᠢ ᠤᠶᠠᠯᠳᠤᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠤᠶᠠᠯᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃    ᠭᠤᠷᠪᠠ᠂ ᠦᠨᠳᠦᠰᠦᠨ ᠪᠣᠷᠣ ᠲᠥᠯᠦᠪ ᠵᠢᠴᠢ ᠠᠭᠤᠯᠭ᠎ᠠ    ︵ᠨᠢᠭᠡ︶ ᠴᠠᠭ ᠬᠤᠭᠤᠴᠠᠭᠠᠨ ᠤ ᠲᠣᠬᠢᠷᠠᠭᠤᠯᠤᠯᠲᠠ ᠵᠢᠴᠢ ᠱᠠᠭᠠᠷᠳᠠᠯᠭ᠎ᠠ    ᠠᠷᠢᠭᠤᠨ ᠴᠡᠪᠡᠷ ᠤᠨ ᠠᠵᠢᠯᠯᠠᠭᠠᠨ ᠤ ᠬᠤᠭᠤᠴᠠᠭ᠎ᠠ ᠨᠢ 2024 ᠣᠨ ᠤ 6 ᠰᠠᠷ᠎ᠠ ᠶᠢᠨ ᠡᠬᠢᠨ ᠠᠴᠠ 2024 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ ᠲᠣᠬᠢᠷᠠᠭᠤᠯᠵᠤ᠂ ᠤᠬᠠᠭᠤᠯᠤᠨ ᠳᠠᠶᠢᠴᠢᠯᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠦᠷᠭᠦᠯᠵᠢᠯᠡᠨ ᠠᠬᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠵᠡᠷᠭᠡ ᠳᠥᠷᠪᠡᠨ ᠱᠠᠲᠤ ᠦᠶ᠎ᠡ ᠶᠢᠨ ᠡᠭᠦᠷᠭᠡ ᠶᠢᠨ ᠴᠠᠭ ᠬᠤᠭᠤᠴᠠᠭ᠎ᠠ ᠵᠢᠴᠢ ᠡᠯ᠎ᠡ ᠱᠠᠲᠤᠨ ᠤ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃    ︵ᠬᠤᠶᠠᠷ︶ ᠭᠤᠣᠯ ᠡᠭᠦᠷᠭᠡ ᠵᠢᠴᠢ ᠠᠵᠢᠯ ᠤᠨ ᠬᠤᠪᠢᠶᠠᠷᠢᠯᠠᠯ    ᠴᠡᠭᠴᠡᠯᠡᠨ ᠵᠠᠰᠠᠬᠤ ᠭᠤᠤᠯᠳᠠᠯᠭ᠎ᠠ᠂ ᠴᠡᠭᠴᠡᠯᠡᠨ ᠵᠠᠰᠠᠬᠤ ᠬᠦᠴᠢᠷ ᠠᠰᠠᠭᠤᠳᠠᠯ᠂ ᠵᠢᠭᠰᠢᠭᠦᠷᠢᠲᠦ ᠭᠠᠵᠠᠷ ᠢ ᠵᠠᠰᠠᠬᠤ᠂ ᠪᠠᠭᠤᠷᠠᠶ ᠲᠠᠯ᠎ᠠ ᠶᠢ ᠳᠡᠭᠡᠭᠰᠢᠯᠡᠭᠦᠯᠬᠦ ᠭᠡᠵᠦ ᠳᠥᠷᠪᠡᠨ ᠠᠭᠤᠯᠭ᠎ᠠ ᠬᠤᠪᠢᠶᠠᠬᠤ ᠶᠢᠨ ᠬᠠᠮᠲᠤ ᠡᠯ᠎ᠡ ᠬᠠᠷᠢᠭᠤᠴᠠᠯᠭᠠᠲᠤ ᠨᠢᠭᠡᠴᠢ ᠳᠤ ᠣᠨᠣᠪᠴᠢᠲᠠᠶ ᠠᠵᠢᠯ ᠬᠤᠪᠢᠶᠠᠷᠢᠯᠠᠨ ᠥᠭᠴᠦ᠂ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    1᠂ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠤᠲᠠ ᠬᠥᠳᠡᠭᠡ ᠶᠢᠨ ᠡᠷᠡᠭᠦᠯ ᠬᠠᠮᠠᠭᠠᠯᠠᠯ ᠢ ᠴᠡᠪᠡᠷᠰᠢᠭᠦᠯᠦᠨ᠎ᠡ᠃ ᠲᠥᠰᠦᠯ ᠳᠤ ᠬᠠᠷᠢᠭᠤᠴᠠᠯᠭᠠᠲᠤ ᠨᠢᠭᠡᠴᠢ ᠨᠢ ᠬᠤᠲᠠ ᠪᠠᠯᠭᠠᠰᠤᠨ ᠤ ᠵᠡᠭᠡᠯᠢ ᠭᠤᠳᠤᠮᠵᠢ᠂ ᠴᠡᠴᠡᠷᠯᠢᠭ ᠠᠭᠤᠳᠠᠮ ᠲᠠᠯᠠᠪᠠᠶ ᠶᠢ ᠪᠠᠭᠲᠠᠭᠠᠭᠰᠠᠨ ᠠᠷᠢᠭᠤᠨ ᠴᠡᠪᠡᠷ ᠢ ᠴᠡᠪᠡᠷᠯᠡᠬᠦ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤᠨᠢ ᠲᠣᠭᠤᠷᠢᠨ ᠪᠠᠶᠢᠴᠠᠭᠠᠵᠤ᠂ ᠢᠯᠡ ᠬᠤᠭ ᠨᠣᠪᠰᠢ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    2. ᠬᠦᠴᠢᠷ ᠠᠰᠠᠭᠤᠳᠠᠯ ᠢ ᠴᠡᠭᠴᠡᠯᠡᠨ ᠵᠠᠰᠠᠵᠤ᠂ ᠬᠤᠲᠠ ᠬᠥᠳᠡᠭᠡ ᠶᠢᠨ ᠬᠠᠮᠢᠶᠠᠷᠤᠯᠲᠠ ᠶᠢ ᠨᠠᠷᠢᠯᠢᠭᠵᠢᠭᠤᠯᠤᠨ᠎ᠠ᠃ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠠᠷᠢᠯᠭᠠᠵᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠨᠡᠶᠢᠲᠡ ᠶᠢᠨ ᠵᠣᠷᠯᠣᠩ ᠤᠨ ᠠᠷᠢᠭᠤᠨ ᠴᠡᠪᠡᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠬᠥᠮᠦᠨ ᠠᠷᠢᠭᠤᠨ ᠴᠡᠪᠡᠷ ᠢ ᠬᠠᠮᠠᠭᠠᠯᠠᠵᠤ᠂ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠪᠠᠲᠤᠯᠠᠬᠤ ᠶᠢᠨ ᠬᠠᠮᠲᠤ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ᠂ ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠡᠷᠡᠭᠯᠡᠯᠲᠡ ᠶᠢ ᠵᠢᠷᠤᠮᠵᠢᠭᠤᠯᠤᠨ᠂ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠨ᠎ᠠ᠃    3. ᠵᠢᠭᠰᠢᠭᠦᠷᠢᠲᠦ ᠭᠠᠵᠠᠷ ᠢ ᠵᠠᠰᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠭᠤᠶᠣᠵᠢᠭᠤᠯᠤᠨ᠎ᠠ᠃ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠲᠦᠷᠢᠮ ᠢ ᠨᠠᠶᠢᠳᠠᠪᠤᠷᠢᠵᠢᠭᠤᠯᠵᠤ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠲᠡᠷᠭᠡ ᠬᠥᠰᠬᠡ ᠶᠢᠨ ᠵᠣᠭᠰᠤᠭᠠᠯ ᠤᠨ ᠡᠮᠬᠢ ᠳᠢᠭᠯᠢᠮ ᠢ ᠵᠢᠷᠤᠮᠵᠢᠭᠤᠯᠤᠨ᠂ ᠵᠠᠮ ᠬᠠᠷᠢᠯᠴᠠᠭ᠎ᠠ ᠪᠠ ᠣᠯᠠᠨ ᠲᠦᠮᠡᠨ ᠤ ᠠᠮᠢᠳᠤᠷᠠᠯ ᠢ ᠨᠥᠯᠥᠭᠡᠯᠡᠵᠦ ᠪᠣᠯᠬᠤ ᠥᠬᠡᠶ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠡᠯᠭᠦᠬᠦ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠪᠠᠯᠭᠠᠰᠤᠨ ᠤ ᠰᠠᠶᠢᠨ ᠰᠠᠶᠢᠬᠠᠨ ᠳᠦᠷᠰᠦ ᠪᠠᠶᠢᠳᠠᠯ ᠢ ᠪᠣᠶ ᠪᠣᠯᠭᠠᠨ᠎ᠠ᠃    4. ᠪᠠᠭᠤᠷᠠᠶ ᠲᠠᠯ᠎ᠠ ᠶᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠵᠠᠰᠠᠯᠲᠠ ᠶᠢ ᠪᠠᠶᠢᠩᠭᠤᠵᠢᠭᠤᠯᠤᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠩᠭᠤ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠷᠰᠢᠯᠭ᠎ᠠ ᠪᠠᠨ ᠳ᠋ᠦᠩᠨᠡᠨ᠂ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠰᠠᠪᠠ᠂ ᠲᠥᠷᠥᠯ ᠬᠤᠪᠢᠶᠠᠨ ᠲᠡᠭᠡᠭᠡᠪᠦᠷᠢᠯᠡᠬᠦ ᠲᠡᠷᠭᠡ ᠬᠥᠰᠬᠡ ᠳᠤ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠶᠢᠨ ᠬᠠᠮᠲᠤ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠡᠷᠭᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠨ᠎ᠠ᠃    ︵ᠭᠤᠷᠪᠠ︶ ᠪᠠᠳᠤᠯᠠᠭ᠎ᠠ ᠶᠢᠨ ᠠᠷᠭ᠎ᠠ ᠬᠡᠮᠵᠢᠶ᠎ᠠ    1. ᠤᠳᠤᠷᠢᠳᠤᠯᠭ᠎ᠠ ᠪᠠᠨ ᠴᠢᠩᠭᠠᠳᠬᠠᠵᠤ᠂ ᠲᠤᠤᠷᠵᠢᠭᠤᠯᠤᠨ ᠠᠬᠢᠭᠤᠯᠤᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠪᠠᠶᠢᠭᠤᠯᠵᠤ᠂ ᠲᠥᠰᠦᠯ ᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠪᠠᠲᠤᠳᠬᠠᠵᠤ᠂ ᠪᠦᠬᠦ ᠲᠠᠯ᠎ᠠ ᠪᠠᠷ ᠥᠷᠨᠢᠭᠦᠯᠦᠨ᠎ᠡ᠃    2. ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂  ᠪᠠᠶᠢᠩᠭᠤ ᠨᠠᠶᠢᠳᠠᠪᠤᠷᠢᠵᠢᠭᠤᠯᠤᠨ᠎ᠠ᠃ ᠠᠷᠢᠭᠤᠨ ᠴᠡᠪᠡᠷ ᠤᠨ ᠠᠵᠢᠯ ᠢ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠵᠤ᠂ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ᠃    3. ᠥᠷᠭᠡᠨ ᠢᠶᠠᠷ ᠤᠬᠠᠭᠤᠯᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠵᠠᠭᠤᠴᠢᠯᠠᠭᠤᠷ ᠤᠨ ᠬᠦᠴᠦᠨ ᠢ ᠠᠰᠢᠭᠯᠠᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠦᠨ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠤᠬᠠᠮᠰᠠᠷ ᠠᠴᠠ ᠨᠢ ᠣᠷᠤᠯᠴᠠᠭᠤᠯᠤᠨ᠎ᠠ᠃    4. ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠠᠰᠠᠭᠤᠵᠤ ᠬᠠᠷᠢᠭᠤᠴᠠᠯᠭ᠎ᠠ ᠨᠡᠬᠡᠮᠵᠢᠯᠡᠨ᠎ᠡ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠠᠷᠢᠭᠤ ᠮᠡᠳᠡᠭᠦᠯᠦᠯᠲᠡ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠨᠢ ᠭᠦᠢᠴᠡᠳ ᠦᠭᠡᠢ ᠠᠴᠠ ᠨᠢ ᠬᠠᠷᠢᠭᠤᠴᠠᠯᠭ᠎ᠠ ᠨᠡᠬᠡᠮᠵᠢᠯᠡᠨ᠎ᠡ᠃          ᠲᠠᠶᠢᠯᠤᠮᠵᠢ ᠬᠢᠭᠰᠡᠨ ᠨᠢᠭᠡᠴᠢ᠄ ᠬᠦᠷᠢᠶ᠎ᠡ    ᠬᠤᠰᠢᠭᠤᠨ    ᠤ    ᠶᠡᠷᠦᠩᠬᠡᠢᠯᠡᠭᠰᠡᠨ                                     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号