ᠪᠤᠭᠤᠳᠠᠢ ᠪᠣᠯᠪᠠᠰᠤᠷᠠᠬᠤ ᠪᠣᠯ ᠬᠤᠷᠢᠨ ᠲᠥᠷᠪᠡᠨ ᠴᠠᠭ ᠤᠯᠠᠷᠢᠯ ᠤᠨ ᠶᠢᠰᠦᠳᠦᠭᠡᠷ ᠴᠠᠭ ᠤᠯᠠᠷᠢᠯ᠂ ᠵᠤᠨ ᠤ | ᠤᠯᠠᠷᠢᠯ ᠤᠨ ᠭᠤᠷᠪᠠᠳᠤᠭᠠᠷ ᠴᠠᠭ ᠤᠯᠠᠷᠢᠯ ᠪᠣᠯᠤᠨ᠎ᠠ᠃ ᠶᠡᠷᠦ ᠳᠡᠭᠡᠨ ᠵᠢᠯ ᠪᠦᠷᠢ ᠶᠢᠨ ᠠᠷᠭ᠎ᠠ ᠶᠢᠨ ᠤᠯᠠᠷᠢᠯ ᠤᠨ 6 | ᠰᠠᠷ᠎ᠠ ᠶᠢᠨ 5 ᠠᠴᠠ 7 ᠤ ᠡᠳᠦᠷ ᠲᠣᠬᠢᠶᠠᠯᠳᠤᠳᠠᠭ᠃ ᠡᠨᠡᠬᠦ ᠴᠠᠭ ᠤᠯᠠᠷᠢᠯ ᠳᠤ ᠠᠭᠠᠷ ᠳᠤᠯᠠᠭᠠᠨ ᠢᠯᠡᠳᠲᠡ | ᠳᠡᠭᠡᠭᠰᠢᠯᠡᠵᠦ᠂ ᠬᠤᠷ᠎ᠠ ᠲᠤᠨᠤᠳᠠᠰᠤ ᠡᠯᠪᠡᠭ᠂ ᠠᠭᠠᠷ ᠤᠨ ᠴᠢᠬᠢᠭᠳᠦᠴᠡ ᠶᠡᠭᠡ ᠪᠣᠯᠬᠤᠷ ᠣᠷᠤᠢ ᠶᠢᠨ ᠳᠣᠲᠤᠷᠭ᠎ᠠ | ᠵᠡᠷᠭᠡ ᠠᠮᠤ ᠪᠣᠳᠠᠭᠠᠨ ᠤ ᠲᠠᠷᠢᠮᠠᠯ ᠢ ᠲᠠᠷᠢᠬᠤ ᠳᠤ ᠲᠣᠬᠢᠷᠠᠮᠵᠢᠲᠠᠢ ᠪᠠᠶᠢᠳᠠᠭ᠃ ᠲᠠᠷᠢᠶᠠᠯᠠᠬᠤ ᠦᠢᠯᠡᠳᠪᠦᠷᠢᠯᠡᠯ ᠳᠤ | ᠪᠤᠭᠤᠳᠠᠢ ᠪᠣᠯᠪᠠᠰᠤᠷᠠᠬᠤ ᠴᠠᠭ ᠤᠯᠠᠷᠢᠯ ᠢᠶᠠᠷ ᠵᠠᠭᠠᠭ ᠪᠣᠯᠭᠠᠵᠤ᠂ ᠡᠭᠦᠨ ᠠᠴᠠ ᠰᠡᠭᠦᠯᠡᠷ ᠲᠠᠷᠢᠭᠰᠠᠨ ᠲᠠᠷᠢᠶ᠎ᠠ ᠶᠢᠨ | ᠪᠤᠶᠢᠵᠢᠵᠤ ᠪᠣᠯᠪᠠᠰᠤᠠᠬᠤ ᠨᠤᠷᠮ᠎ᠠ ᠨᠢ ᠤᠯᠠᠮ ᠠᠴᠠ ᠳᠣᠷᠤᠭᠰᠢᠯᠠᠳᠠᠭ᠃ | ᠡᠨᠡ ᠬᠤᠭᠤᠴᠠᠭᠠᠨ ᠳᠤ ᠡᠮᠦᠨᠡᠲᠦ ᠣᠷᠤᠨ ᠪᠠ ᠤᠮᠠᠷᠠᠲᠤ ᠣᠷᠤᠨ ᠳᠤ ᠪᠦᠷ ᠦᠨᠳᠦᠷ ᠳᠤᠯᠠᠭᠠᠨ ᠤ ᠴᠠᠭ | ᠠᠭᠤᠷ ᠢᠯᠡᠷᠡᠬᠦ ᠪᠣᠯᠤᠯᠴᠠᠭ᠎ᠠ ᠲᠠᠢ᠂ ᠵᠢᠶᠠᠩᠨᠠᠨ ᠣᠷᠤᠨ ᠭᠦᠢᠯᠡᠰᠦᠨ ᠪᠣᠷᠤᠭᠠᠨ ᠤ ᠤᠯᠠᠷᠢᠯ ᠳᠤ ᠣᠷᠤᠵᠤ᠂ | ᠤᠮᠠᠷᠠᠲᠤ ᠣᠷᠤᠨ ᠪᠣᠷᠤᠭᠠᠨ ᠤ ᠤᠯᠠᠷᠢᠯ ᠬᠠᠷᠠᠬᠠᠨ ᠣᠷᠤᠭᠠᠳᠤᠢ ᠪᠠᠶᠢᠭᠰᠠᠭᠠᠷ᠃ | ᠪᠤᠭᠤᠳᠠᠢ ᠪᠣᠯᠪᠠᠰᠤᠷᠠᠬᠤ ᠴᠠᠭ ᠤᠯᠠᠷᠢᠯ ᠳᠤ ᠡᠳᠦᠷ ᠤᠷᠲᠤ ᠰᠦᠨᠢ ᠣᠬᠤᠷ ᠪᠣᠯᠵᠤ᠂ ᠣᠷᠤᠢ ᠤᠨᠲᠠᠵᠤ ᠡᠷᠲᠡ | ᠪᠣᠰᠬᠤ ᠪᠣᠯᠬᠤᠷ ᠦᠳᠡ ᠳᠤ ᠵᠢᠭᠠᠬᠠᠨ ᠠᠮᠠᠷᠠᠵᠤ ᠶᠠᠳᠠᠷᠠᠭ᠎ᠠ ᠪᠠᠨ ᠲᠠᠶᠢᠯᠬᠤ ᠨᠢ ᠮᠠᠰᠢ ᠴᠢᠬᠤᠯᠠ ᠶᠤᠮ᠂ ᠡᠭᠦᠨ ᠤ | ᠬᠠᠮᠲᠤ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ ᠬᠤᠪᠴᠠᠰᠤ ᠬᠤᠨᠠᠷ ᠢᠶᠠᠨ ᠲᠣᠬᠢᠷᠠᠭᠤᠯᠤᠨ᠂ ᠢᠳᠡᠭᠡᠨ | ᠤᠮᠳᠠᠭᠠᠨ ᠤ ᠲᠠᠯ᠎ᠠ ᠪᠠᠷ ᠬᠠᠷᠠᠰᠤ ᠢᠳᠡᠭᠡᠨ ᠢᠶᠠᠷ ᠭᠤᠣᠯ ᠪᠣᠯᠭᠠᠪᠠᠯ ᠵᠣᠬᠢᠨ᠎ᠠ᠃ ᠪᠡᠶ᠎ᠡ ᠮᠠᠭᠪᠤᠳ ᠢᠶᠠᠨ | ᠴᠢᠬᠢᠷᠠᠭᠵᠢᠭᠤᠯᠬᠤ ᠶᠢ ᠠᠩᠬᠠᠷᠴᠤ᠂ ᠨᠠᠷᠠᠰᠢᠬᠤ᠂ ᠭᠦᠷᠡᠭᠡ ᠬᠦᠭᠡᠷᠡᠬᠦ ᠡᠪᠡᠳᠴᠢᠨ ᠵᠡᠷᠭᠡ ᠤᠯᠠᠷᠢᠯ ᠤᠨ ᠴᠢᠨᠠᠷᠲᠠᠢ | ᠡᠪᠡᠳᠴᠢᠨ ᠡᠮᠬᠡᠭ ᠪᠠ ᠬᠠᠯᠳᠠᠪᠤᠷᠢᠲᠤ ᠡᠪᠡᠳᠴᠢᠨ ᠠᠴᠠ ᠰᠡᠷᠭᠡᠶᠢᠯᠡᠪᠡᠯ ᠵᠣᠬᠢᠨ᠎ᠠ᠃ |