7 ᠰᠠᠷ᠎ᠠ ᠶᠢᠨ 9 ᠤ ᠡᠳᠦᠷ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠡᠯᠡᠰᠦᠨ ᠪᠠᠯᠭᠠᠰᠤᠨ ᠳᠤ ᠬᠤᠷᠠᠯᠳᠤᠵᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠲᠤᠤ ᠬᠤᠷᠠᠯ ᠳᠤ ᠣᠷᠣᠯᠴᠠᠵᠠᠶ᠃ | ᠬᠤᠷᠠᠯ ᠠᠴᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ | ᠦᠨᠡᠨᠬᠦ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠨᠠᠭᠠᠰᠢᠷᠠᠨ | ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ | ᠠᠬᠢᠭᠤᠯᠤᠨ᠂ ᠬᠠᠷᠢᠭᠤᠴᠠᠯᠭ᠎ᠠ ᠨᠢ ᠲᠣᠳᠣᠷᠬᠠᠢ᠂ ᠠᠷᠭ᠎ᠠ ᠬᠡᠮᠵᠢᠶ᠎ᠡ ᠨᠢ ᠴᠢᠩᠭ᠎ᠠ᠂ ᠴᠣᠬᠢᠯᠲᠠ ᠥᠭᠬᠦ ᠳᠡᠭᠡᠨ ᠴᠢᠩᠭ᠎ᠠ | ᠪᠠᠶᠢᠬᠤ ᠬᠡᠷᠡᠭᠲᠡᠢ᠃ ᠨᠢᠭᠲᠠ ᠬᠠᠮᠵᠢᠯᠴᠠᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠲᠦᠮᠵᠢᠲᠡᠶ | ᠪᠦᠷᠢᠯᠳᠦᠭᠦᠯᠤᠨ᠂ ᠰᠤᠷᠭᠠᠭᠤᠯᠢ ᠶᠢᠨ ᠬᠦᠷᠢᠶᠡᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠬᠠᠮᠲᠤᠷᠠᠨ ᠬᠠᠤᠯᠢ | ᠬᠡᠷᠡᠭᠵᠢᠭᠦᠯᠬᠦ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠬᠢᠭᠡᠳ ᠠᠷᠭ᠎ᠠ ᠬᠡᠮᠵᠢᠶ᠎ᠡ ᠶᠢ | ᠬᠠᠮᠲᠤ ᠪᠠᠷ ᠰᠤᠳᠤᠯᠤᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠤ ᠠᠵᠢᠯ ᠢ ᠡᠷᠡᠰ ᠭᠤᠶᠢᠪᠢᠰᠢ ᠥᠬᠡᠶ ᠪᠠᠷ ᠨᠠᠷᠢᠯᠢᠭ ᠪᠣᠳᠠᠲᠠᠶ ᠪᠡᠶᠡᠯᠡᠭᠦᠯᠵᠦ᠂ | ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ | ᠬᠦᠴᠦᠨ ᠢᠶᠠᠷ ᠢᠶᠠᠨ ᠬᠠᠮᠠᠭᠠᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠵᠣᠯ ᠵᠢᠷᠭᠠᠯᠲᠤ ᠬᠦᠷᠢᠶ᠎ᠠ ᠶᠢ | ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠬᠤᠰᠢᠭᠤᠨ ᠤ ᠵᠠᠬ᠎ᠠ ᠳᠡᠯᠭᠡᠭᠦᠷ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠪᠠ ᠳᠣᠮᠤ ᠳ᠋ᠠᠶᠢᠲ᠋ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠦᠵᠡᠭᠦᠯᠦᠯᠭᠡ ᠶᠢᠨ ᠬᠤᠷᠠᠯ ᠳᠤ ᠣᠷᠣᠯᠴᠠᠭᠰᠠᠨ ᠪᠥᠭᠡᠳ ᠰᠠᠨᠠᠯ ᠢᠶᠠᠨ ᠰᠣᠯᠢᠯᠴᠠᠨ ᠶᠠᠷᠢᠶ᠎ᠠ | ᠲᠠᠯᠪᠢᠪᠠ᠃ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠡᠯᠡᠰᠦᠨ ᠪᠠᠯᠭᠠᠰᠤᠨ ᠤ | ᠭᠤᠣᠯ ᠰᠤᠷᠭᠠᠭᠤᠯᠢ᠂ ᠡᠯᠡᠰᠦᠨ ᠬᠢᠨᠠᠨ ᠬᠠᠮᠢᠶᠠᠷᠤᠯᠲᠠ ᠶᠢᠨ ᠭᠠᠵᠠᠷ ᠲᠤ ᠭᠦᠨᠵᠡᠭᠡᠶᠢᠷᠡᠵᠦ᠂ ᠲᠤᠬᠠᠢ ᠶᠢᠨ | ᠲᠠᠯᠠᠪᠤᠷ ᠲᠤ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠢ ᠲᠣᠭᠤᠷᠢᠨ ᠦᠵᠡᠵᠦ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠪᠡ᠃ | | | |