ᠲᠦᠩᠯᠢᠶᠣᠤ ᠬᠤᠲᠠ ᠶᠢᠨ ᠭᠠᠵᠠᠷ ᠰᠢᠷᠣᠶ ᠲᠠᠲᠠᠪᠤᠷᠢᠯᠠᠬᠤ ᠲᠣᠭᠤᠷᠢᠭ ᠤᠨ ᠶᠡᠷᠦᠩᠬᠡᠢ ᠭᠠᠵᠠᠷ ᠤᠨ ᠦᠨ᠎ᠡ ᠳᠤ | ᠨᠦᠬᠦᠪᠦᠷᠢᠯᠡᠨ ᠲᠤᠭᠲᠠᠭᠠᠭᠰᠠᠨ ᠨᠥᠬᠦᠪᠥᠷᠢ ᠥᠭᠬᠦ ᠪᠠᠷᠢᠮᠵᠢᠶ᠎ᠠ ᠶᠢ ᠨᠡᠶᠢᠲᠡᠯᠡᠬᠦ ᠲᠤᠬᠠᠶ ᠲᠦᠩᠯᠢᠶᠣᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠲᠦᠩᠯᠢᠶᠣᠣ ᠵᠠᠰᠠᠭ ᠠᠯᠪᠠᠨ ᠦᠰᠦᠭᠲᠦ ︹2024︺ 31 ᠳ᠋ᠦ᠋ᠭᠡᠷ ᠲᠣᠭᠠᠲᠤ | | ᠲᠦᠩᠯᠢᠶᠣᠤ ᠬᠤᠲᠠ ᠶᠢᠨ ᠭᠠᠵᠠᠷ ᠰᠢᠷᠣᠶ ᠲᠠᠲᠠᠪᠤᠷᠢᠯᠠᠬᠤ ᠲᠣᠭᠤᠷᠢᠭ ᠤᠨ ᠶᠡᠷᠦᠩᠬᠡᠢ ᠭᠠᠵᠠᠷ ᠤᠨ ᠦᠨ᠎ᠡ ᠳᠤ | ᠨᠦᠬᠦᠪᠦᠷᠢᠯᠡᠨ ᠲᠤᠭᠲᠠᠭᠠᠭᠰᠠᠨ ᠨᠥᠬᠦᠪᠥᠷᠢ ᠥᠭᠬᠦ ᠪᠠᠷᠢᠮᠵᠢᠶ᠎ᠠ ᠶᠢ ᠨᠡᠶᠢᠲᠡᠯᠡᠬᠦ ᠲᠤᠬᠠᠶ ᠲᠦᠩᠯᠢᠶᠣᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ | ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠲᠦᠩᠯᠢᠶᠣᠤ ᠬᠤᠲᠠ ᠶᠢᠨ ᠬᠤᠰᠢᠭᠤ ᠰᠢᠶᠠᠨ ᠬᠤᠲᠠ ᠲᠣᠭᠤᠷᠢᠭ ᠤᠨ ᠭᠠᠵᠠᠷ ᠰᠢᠷᠣᠶ ᠲᠠᠲᠠᠪᠤᠷᠢᠯᠠᠬᠤ | ᠲᠣᠭᠤᠷᠢᠭ ᠤᠨ ᠶᠡᠷᠦᠩᠬᠡᠢ ᠭᠠᠵᠠᠷ ᠤᠨ ᠦᠨ᠎ᠡ ᠳᠤ ᠨᠦᠬᠦᠪᠦᠷᠢᠯᠡᠨ ᠲᠤᠭᠲᠠᠭᠠᠭᠰᠠᠨ ᠨᠥᠬᠦᠪᠥᠷᠢ ᠥᠭᠬᠦ | ᠪᠠᠷᠢᠮᠵᠢᠶ᠎ᠠ ᠶᠢ ᠨᠢᠭᠡᠨᠲᠡ ︽ᠭᠠᠵᠠᠷ ᠰᠢᠷᠤᠢ ᠲᠠᠲᠠᠪᠤᠷᠢᠯᠠᠬᠤ ᠲᠤᠭᠤᠷᠢᠭ ᠤᠨ ᠶᠡᠷᠦᠩᠬᠡᠢ ᠭᠠᠵᠠᠷ ᠤᠨ ᠦᠨ᠎ᠡ ᠪᠠᠷ | ᠲᠠᠲᠠᠪᠤᠷᠢᠯᠠᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠣᠶ᠂ ᠬᠥᠬᠡ ᠴᠢᠬᠢ ᠪᠣᠯᠤᠨ ᠭᠠᠵᠠᠷ | ᠳᠡᠭᠡᠷᠡᠬᠢ ᠳᠠᠭᠠᠯᠲᠠ ᠪᠣᠳᠠᠰ ᠵᠡᠷᠭᠡ ᠳᠤ ᠨᠥᠬᠦᠪᠥᠷᠢ ᠦᠭᠬᠦ ᠪᠠᠷᠢᠮᠵᠢᠶ᠎ᠠ ᠬᠢᠭᠡᠳ ᠭᠠᠵᠠᠷ ᠰᠢᠷᠤᠢ ᠶᠢᠨ ᠨᠦᠬᠦᠪᠦᠷᠢ | ᠰᠦᠢᠳᠭᠡᠯ ᠪᠣᠯᠤᠨ ᠲᠥᠪᠬᠢᠨᠡᠭᠦᠯᠬᠦ ᠲᠤᠰᠠᠯᠠᠮᠵᠢ ᠶᠢᠨ ᠰᠦᠢᠳᠬᠡᠯ ᠤᠨ ᠬᠤᠪᠢᠶᠠᠷᠢᠯᠠᠬᠤ ᠬᠠᠷᠢᠴᠠᠯ ᠢ ᠨᠡᠶᠢᠲᠡᠯᠡᠬᠦ ᠶᠢ | ᠵᠥᠪᠰᠢᠶᠡᠷᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠴᠣᠬᠤᠯᠠᠪᠤᠷᠢ︾ ︵ᠥᠪᠥᠷ ᠵᠠᠰᠠᠭ ᠦᠰᠦᠭᠲᠦ [2024] 77 ᠳ᠋ᠤᠭᠠᠷ ᠲᠣᠭᠠᠲᠤ︶ ᠴᠤᠬᠤᠯᠠᠪᠤᠷᠢᠯᠠᠨ | ᠵᠦᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠴᠢᠩᠭ᠎ᠠ ᠵᠢᠷᠤᠮᠯᠠᠨ ᠬᠡᠷᠡᠭᠵᠢᠭᠦᠯᠲᠦᠭᠡᠶ᠃ ᠡᠯ᠎ᠡ | ᠬᠤᠰᠢᠭᠤ ᠰᠢᠶᠠᠨ ᠬᠤᠲᠠ ᠲᠣᠭᠤᠷᠢᠭ ᠭᠠᠵᠠᠷ ᠲᠠᠲᠠᠪᠤᠷᠢᠯᠠᠨ ᠨᠥᠬᠦᠪᠥᠷᠢ ᠥᠭᠴᠦ ᠲᠥᠪᠬᠢᠨᠡᠭᠦᠯᠬᠦ ᠶᠠᠪᠤᠴᠠ ᠳᠤ᠂ | ᠡᠷᠬᠡᠪᠰᠢ ︽ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠤᠤᠯ ᠤᠨ ᠠᠮᠢᠳᠤᠷᠠᠯ ᠤᠨ | ᠲᠦᠪᠰᠢᠨ ᠨᠢ ᠪᠠᠭᠤᠷᠠᠬᠤ ᠦᠭᠡᠶ᠂ ᠠᠯᠤᠰ ᠬᠡᠳᠦ ᠶᠢᠨ ᠠᠮᠢᠳᠤᠷᠠᠯ ᠤᠨ ᠪᠠᠲᠤᠯᠠᠭ᠎ᠠ ᠲᠠᠢ ᠪᠠᠶᠢᠬᠤ ᠶᠢ ᠦᠨᠡᠨ ᠬᠦ | ᠪᠠᠲᠤᠯᠠᠬᠤ︾ ᠵᠠᠷᠴᠢᠮ ᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠬᠢᠷᠢ ᠬᠡᠮᠵᠢᠶ᠎ᠡ ᠶᠢ ᠦᠨᠳᠦᠰᠦᠯᠡᠨ᠂ ᠲᠣᠬᠢᠷᠠᠬᠤ ᠦᠭᠡᠶ ᠨᠥᠬᠦᠪᠥᠷᠢ ᠶᠢᠨ ᠪᠠᠷᠢᠮᠵᠢᠶ᠎ᠠ ᠶᠢ ᠴᠠᠭ ᠲᠤᠬᠠᠶ ᠳᠤᠨᠢ | ᠬᠤᠪᠢᠷᠠᠭᠤᠯᠬᠤ ᠶᠢᠨ ᠬᠠᠮᠲᠤ ᠳᠡᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠬᠡᠷᠡᠭᠵᠢᠭᠦᠯᠬᠦ | ᠶᠠᠪᠤᠴᠠ ᠳᠤ ᠣᠯᠵᠤ ᠮᠡᠳᠡᠭᠰᠡᠨ ᠴᠢᠬᠤᠯᠠ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠬᠦ ᠬᠡᠷᠡᠭᠲᠡᠶ᠃ | ᠲᠤᠰ ᠪᠠᠷᠢᠮᠵᠢᠶ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | 2024 ᠣᠨ ᠤ 4 ᠰᠠᠷ᠎ᠠ ᠶᠢᠨ 29 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |