ᠬᠦᠷᠢᠶ᠎ᠡ ᠵᠠᠰᠠᠭ ᠠᠯᠪᠠᠨ ᠨᠠᠷᠢᠨ ᠦᠰᠦᠭ ︹2024︺ 35 ᠳ᠋ᠤᠭᠠᠷ ᠲᠣᠭᠠᠲᠤ | ᠬᠤᠰᠢᠭᠤᠨ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ︽ᠬᠦᠷᠢᠶ᠎ᠡ ᠬᠤᠰᠢᠭᠤᠨ ᠤ ︿ᠦᠨᠳᠦᠷ ᠪᠦᠲᠦᠮᠵᠢᠲᠡᠢ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ﹀ | ᠬᠡᠷᠡᠭᠵᠢᠬᠦᠯᠬᠦ ᠲᠦᠰᠦᠯ︾ ᠢ ᠡᠳᠦᠭᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ | ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | ᠡᠭᠦᠨ ᠤ ᠲᠤᠯᠠ ᠮᠡᠳᠡᠭᠳᠡᠪᠡ | | 2024 ᠣᠨ ᠤ 7 ᠰᠠᠷ᠎ᠠ ᠶᠢᠨ 15 ᠤ ᠡᠳᠦᠷ | | ᠬᠦᠷᠢᠶ᠎ᠡ ᠬᠤᠰᠢᠭᠤᠨ ᠤ ︽ᠦᠨᠳᠦᠷ ᠪᠦᠳᠦᠮᠵᠢᠲᠠᠢ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠶᠢ | ᠠᠬᠢᠭᠤᠯᠬᠤ ᠶᠢᠨ ᠬᠡᠷᠡᠭᠵᠢᠭᠦᠯᠬᠦ ᠲᠦᠰᠦᠯ | | ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ﹀ | ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ | ᠲᠥᠷᠥ ᠲᠠᠷᠬᠠᠭᠠᠭᠰᠠᠨ ︹ 2024 ︺ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ | ᠭᠦᠢᠴᠡᠳᠭᠡᠬᠦ︾ ᠶᠢᠨ ᠲᠣᠭᠤᠷᠢᠨ ᠳᠤ᠂ ᠨᠠᠩ ᠣᠯᠠᠨ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ | ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠠᠷᠠᠭᠠᠰᠤ ᠠᠴᠠ ᠡᠭᠦᠰᠴᠦ᠂ ︽ᠥᠨᠳᠥᠷ ᠪᠦᠲᠦᠮᠵᠢᠲᠡᠢ ᠪᠠᠷ ᠨᠢᠭᠡ | ᠠᠵᠢᠯ ᠶᠠᠪᠤᠳᠠᠯ ᠢ ᠭᠦᠢᠴᠡᠳᠭᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠨᠡᠩ ᠤᠯᠠᠨ ᠬᠤᠯᠪᠣᠭᠳᠠᠬᠤ | ᠴᠢᠨᠠᠷ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢᠨ ᠬᠡᠮᠵᠢᠶ᠎ᠡ ᠪᠠᠷ ᠶᠡᠭᠡ ᠰᠠᠯᠠᠭ᠎ᠠ ᠮᠥᠴᠢᠷ | ᠠᠯᠤᠰᠯᠠᠭᠰᠠᠨ᠂ ᠲᠡᠰ ᠳᠠᠪᠬᠤᠷᠭ᠎ᠠ ᠠᠯᠤᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠶᠢ ᠪᠡᠶᠡᠴᠢᠯᠡᠨ ᠣᠶᠢᠯᠠᠭᠠᠬᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠤᠯᠠᠮ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | 2024 ᠣᠨ ᠳᠤ᠂ ᠥᠪᠡᠷᠲᠡᠭᠡᠨ ᠵᠠᠰᠠᠬᠤ ᠣᠷᠣᠨ ᠤ ︽5+8+3+N︾ ︽ᠨᠢᠭᠡ ᠠᠵᠢᠯ ᠶᠠᠪᠤᠳᠠᠯ︾ | ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠡᠮᠦᠨᠡᠬᠢ ᠬᠤᠭᠤᠴᠠᠭᠠᠨ ᠳᠤ | ᠨᠢᠭᠡᠨᠲᠡ ᠥᠷᠨᠢᠭᠦᠯᠦᠭᠰᠡᠨ ᠠᠵᠤ ᠠᠬᠤᠶᠢᠯᠠᠯ ᠤᠨ ᠡᠵᠡᠩᠨᠡᠯᠲᠡ ᠶᠢ ᠵᠥᠪᠰᠢᠶᠡᠷᠡᠬᠦ᠂ ᠳᠥᠭᠦᠮᠬᠡᠨ ᠢᠶᠠᠷ ᠬᠦᠴᠦᠨ | ᠥᠬᠡᠶ ᠪᠣᠯᠭᠠᠬᠤ᠂ ᠨᠢᠷᠠᠶ ᠬᠡᠤᠬᠡᠳ ᠲᠦᠷᠦᠬᠦ᠂ ᠵᠡᠮᠳᠡᠭᠴᠦᠳ ᠢ ᠳᠡᠳᠭᠦᠨ ᠬᠦᠴᠢᠷᠲᠡᠢ ᠶᠢ ᠳᠡᠮᠵᠢᠬᠦ᠂ ᠠᠵᠢᠯᠲᠠᠨ | ᠠᠵᠢᠯᠴᠢᠨ ᠤ ᠠᠵᠢᠯ ᠠᠴᠠ ᠪᠠᠨ ᠠᠮᠠᠷᠠᠬᠤ ᠶᠢᠨ 5 ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ | ᠭᠦᠢᠴᠡᠳᠬᠡᠬᠦ︾ ᠵᠦᠢᠯᠡᠰ ᠢ ᠤᠯᠠᠮ ᠨᠢᠭᠡ ᠠᠯᠬᠤᠮ ᠥᠷᠭᠡᠳᠬᠡᠵᠦ᠂ ᠪᠠᠷᠢᠮᠵᠢᠶ᠎ᠠ ᠶᠢ ᠵᠢᠷᠤᠮᠵᠢᠭᠤᠯᠤᠨ᠂ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ | ᠪᠠᠬᠢᠵᠢᠭᠦᠯᠦᠨ᠎ᠡ᠃ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠲᠡᠭᠡᠭᠡᠪᠦᠷᠢ ᠶᠢᠨ ᠠᠵᠤ ᠠᠬᠤᠶᠢᠯᠠᠯ | ᠡᠷᠭᠢᠯᠡᠬᠦ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠲᠣᠣᠷ ᠢ ᠬᠠᠮᠲᠤᠷᠠᠨ ᠮᠡᠳᠡᠭᠦᠯᠦᠨ ᠤᠭᠰᠠᠷᠠᠬᠤ᠂ | ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠲᠣᠭᠲᠠᠭᠠᠯ ᠳᠤ ᠨᠡᠶᠢᠴᠡᠬᠦ ᠮᠡᠳᠡᠭᠡ | ᠵᠠᠩᠭᠢ ᠶᠢ ᠬᠢᠨᠠᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠭᠰᠠᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ | ᠵᠡᠷᠭᠡ 8 ︽ᠨᠢᠭᠡ ᠠᠵᠢᠯ ᠶᠠᠪᠤᠳᠠᠯ︾ ᠢ ᠲᠥᠪᠯᠡᠷᠡᠭᠦᠯᠦᠨ ᠭᠦᠢᠴᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭᠲᠤ ︽ᠨᠢᠭᠡ ᠠᠵᠢᠯ ᠶᠠᠪᠤᠳᠠᠯ︾ ᠢ ᠢᠳᠡᠪᠬᠢᠲᠡᠢ | ᠠᠬᠢᠭᠤᠯᠵᠤ᠂ ᠡᠨᠧᠷᠭᠢ ᠶᠢᠨ ᠰᠣᠷᠪᠤᠯᠵᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ 3 ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠤᠨ ᠲᠤᠭᠤᠷᠢᠨ ᠳᠤ ᠢ | ᠲᠥᠪᠯᠡᠷᠡᠭᠦᠯᠦᠨ ᠭᠦᠢᠴᠡᠳᠭᠡᠬᠦ ᠶᠢ ᠦᠷᠨᠢᠭᠦᠯᠦᠨ᠎ᠡ︔ ᠮᠠᠨ ᠤ ᠬᠤᠰᠢᠭᠤᠨ ᠤ ᠲᠣᠰ ᠭᠠᠵᠠᠷ ᠤᠨ ᠣᠨᠴᠠᠯᠢᠭᠲᠤ ᠠᠵᠤ | ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠬᠦᠷᠢᠶ᠎ᠡ ᠬᠤᠰᠢᠭᠤᠨ ᠤ ᠪᠣᠬᠢᠷᠲᠤᠯ ᠥᠬᠡᠶ ᠰᠠᠭᠠᠭ ᠤᠨ ᠠᠵᠤ | ᠦᠢᠯᠡᠰ ᠤᠨ ᠣᠨᠴᠠᠯᠢᠭᠲᠤ ︽ᠨᠢᠭᠡ ᠠᠵᠢᠯ ᠶᠠᠪᠤᠳᠠᠯ︾ ᠢ ᠥᠷᠨᠢᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠎ᠡ᠃ ᠲᠦᠷᠦᠭᠦᠯᠡᠨ ᠬᠢᠬᠦ ᠰᠠᠯᠠᠭ᠎ᠠ | ᠮᠥᠴᠢᠷ ᠨᠢ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ᠂ ᠬᠠᠮᠢᠶ᠎ᠠ ᠪᠥᠬᠦᠶ ᠲᠠᠩ ᠭᠠᠭᠴᠠ ᠵᠦᠢᠯᠡᠰ ᠢ ᠪᠥᠬᠦ | ᠬᠤᠰᠢᠭᠤᠨ ᠤ ᠬᠡᠪᠴᠢᠶᠡᠨ ᠳᠠᠬᠢ ᠬᠦᠴᠦᠨ ᠵᠦᠢᠯ ᠢ ᠨᠢᠭᠡᠳᠦᠯᠲᠡᠶ ᠪᠣᠯᠭᠠᠭᠰᠠᠨ ᠰᠠᠭᠤᠷᠢᠨ ᠳᠡᠭᠡᠷ᠎ᠡ᠂ ︽ᠨᠢᠭᠡ ᠠᠵᠢᠯ | ᠶᠠᠪᠤᠳᠠᠯ︾ ᠳᠤ ᠬᠤᠯᠪᠣᠭᠳᠠᠭᠰᠠᠨ ᠭᠦᠢᠴᠡᠳᠬᠡᠬᠦ ᠬᠦᠴᠦᠨ ᠵᠦᠢᠯ ᠢ ᠪᠥᠬᠦ ᠲᠠᠯ᠎ᠠ ᠪᠠᠷ ᠡᠮᠬᠢᠯᠡᠵᠦ᠂ ᠡᠮᠦᠨ᠎ᠡ | ᠬᠤᠶᠢᠨᠠᠬᠢ ᠲᠠᠰ ᠳᠠᠷᠠᠭᠠᠯᠠᠯ ᠢ ᠵᠦᠶ ᠵᠣᠬᠢᠰᠲᠠᠶ ᠳᠣᠭᠢᠷᠠᠭᠤᠯᠤᠨ᠂ ᠬᠠᠤᠯᠢ ᠶᠣᠰᠣᠭᠠᠷ ᠭᠤᠭᠴᠤᠭ᠎ᠠ ᠶᠢ ᠡᠮᠬᠢᠯᠡᠨ | ᠨᠡᠶᠢᠯᠡᠭᠦᠯᠵᠦ᠂ ᠮᠠᠲ᠋ᠧᠷᠢᠶᠠᠯ ᠢ ᠴᠣᠮᠬᠠᠳᠬᠠᠨ᠂ ᠬᠦᠰᠦᠨᠦᠭᠲᠦ ᠶᠢ ᠨᠢᠭᠡᠳᠬᠡᠵᠦ᠂ ᠴᠤᠪᠤᠷᠠᠯ ᠢ ᠰᠢᠯᠢᠳᠡᠭᠵᠢᠭᠦᠯᠦᠨ᠂ | ᠴᠠᠭ ᠤᠨ ᠬᠢᠵᠠᠭᠠᠷ ᠢ ᠪᠠᠭᠠᠰᠬᠠᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ | ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ ︵ᠦᠵᠦᠭᠦᠷ︶ ᠳᠤ ᠬᠦᠯᠢᠶᠡᠨ ᠠᠪᠴᠤ ᠰᠢᠢᠳᠪᠦᠷᠢᠯᠡᠬᠦ᠂ ᠨᠢᠭᠡ | ᠰᠦᠯᠵᠢᠶ᠎ᠡ ᠪᠠᠷ ᠭᠦᠢᠴᠡᠳᠭᠡᠬᠦ︾ ᠶᠢ ᠪᠡᠶᠡᠯᠡᠭᠦᠯᠦᠨ᠎ᠡ᠃ | ︵ᠬᠤᠶᠠᠷ︶ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠨ᠎ᠠ᠃ ᠲᠦᠷᠦᠭᠦᠯᠡᠨ ᠬᠢᠬᠦ | ᠰᠠᠯᠠᠭ᠎ᠠ ᠮᠥᠴᠢᠷ ᠨᠢ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ᠂ ᠭᠤᠭᠴᠤᠭ᠎ᠠ ᠶᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠭᠦᠶᠦᠬᠦ ᠶᠢ ᠪᠠᠭᠠᠰᠬᠠᠬᠤ ᠪᠠᠷ ᠬᠠᠷᠠᠯᠲᠠ | ᠪᠣᠯᠭᠠᠵᠤ᠂ ︽ᠨᠢᠭᠡ ᠠᠵᠢᠯ ᠶᠠᠪᠤᠳᠠᠯ︾ ᠤᠨ ᠵᠦᠢᠯᠡᠰ ᠲᠤ ᠬᠤᠯᠪᠣᠭᠳᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠯᠠᠨ ᠵᠦᠢᠯᠡᠰ ᠤᠨ ᠠᠵᠢᠯ ᠶᠠᠪᠤᠳᠠᠯ ᠭᠦᠢᠴᠡᠳᠭᠡᠬᠦ ᠪᠠᠶᠢᠳᠠᠯ᠂ ᠲᠤᠭᠲᠠᠭᠠᠭᠰᠠᠨ ᠦᠨᠳᠦᠰᠦ | ᠪᠠᠷᠢᠮᠲᠠ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠠᠵᠢᠯ ᠶᠠᠪᠤᠳᠠᠯ | ᠭᠦᠢᠴᠡᠳᠭᠡᠬᠦ ᠴᠤᠪᠤᠷᠠᠯ᠂ ᠰᠦᠢᠳᠬᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ᠂ ᠭᠦᠢᠴᠡᠳᠭᠡᠨ ᠳᠠᠭᠤᠰᠬᠠᠬᠤ | ᠴᠠᠭ ᠬᠤᠭᠤᠴᠠᠭ᠎ᠠ᠂ ᠭᠦᠢᠴᠡᠳᠬᠡᠭᠰᠡᠨ ᠦᠷ᠎ᠡ ᠳ᠋ᠦᠩ ᠵᠡᠷᠭᠡ ᠭᠦᠢᠴᠡᠳᠬᠡᠬᠦ ᠡᠯᠧᠮᠧᠨ᠋ᠲ ᠢ ᠨᠠᠷᠢᠯᠢᠬᠵᠢᠭᠤᠯᠤᠨ | ᠡᠮᠬᠢᠯᠡᠬᠦ ᠶᠢ ᠵᠣᠬᠢᠶᠠᠨ ᠪᠠᠶᠢᠭᠤᠯᠵᠤ᠂ ᠰᠢᠯᠢᠳᠡᠭᠵᠢᠭᠦᠯᠦᠨ ᠨᠡᠶᠢᠯᠡᠭᠦᠯᠵᠦ᠂ ᠪᠥᠬᠦ ᠬᠤᠰᠢᠭᠤᠨ ᠤ ᠠᠵᠢᠯ ᠶᠠᠪᠤᠳᠠᠯ | ᠭᠦᠢᠴᠡᠳᠭᠡᠬᠦ ᠨᠢᠭᠡᠳᠦᠯᠲᠡᠶ ᠵᠦᠭᠯᠡᠭᠦᠷ ᠢ ᠪᠦᠷᠢᠯᠳᠦᠭᠦᠯᠬᠦ ᠶᠢᠨ ᠬᠠᠮᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠤᠨ ᠠᠳᠠᠯᠢ ᠢᠷᠡᠯᠲᠡ ᠲᠠᠢ ᠨᠡᠶᠢᠲᠡᠯᠡᠵᠦ᠂ | ᠵᠡᠷᠭᠡ ᠪᠠᠷ ᠰᠢᠨᠡᠳᠭᠡᠨ᠎ᠡ᠃ | ︵ᠭᠤᠷᠪᠠ︶ ᠬᠦᠯᠢᠶᠡᠨ ᠠᠪᠴᠤ ᠰᠢᠢᠳᠪᠦᠷᠢᠯᠡᠬᠦ ᠪᠠ ᠪᠢᠴᠢᠭ ᠮᠠᠲ᠋ᠧᠷᠢᠶᠠᠯ ᠭᠠᠷᠭᠠᠬᠤ ᠠᠷᠭ᠎ᠠ ᠮᠠᠶ᠋ᠢᠭ ᠢ | ᠨᠢᠭᠡᠳᠦᠯᠲᠡᠢ ᠪᠣᠯᠭᠠᠨ᠎ᠠ᠃ ᠪᠣᠳᠠᠲᠠᠶ ᠲᠠᠢ ᠪᠠᠨ ᠤᠶᠠᠯᠳᠤᠭᠤᠯᠤᠨ᠂ ︽ᠨᠢᠭᠡ ᠠᠵᠢᠯ ᠶᠠᠪᠤᠳᠠᠯ︾ ᠤᠨ ᠭᠥᠯᠢᠶᠡᠨ | ᠠᠪᠴᠤ ᠰᠢᠢᠳᠪᠦᠷᠢᠯᠡᠬᠦ ᠴᠣᠩᠬᠤᠪᠴᠢ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ | ᠰᠦᠯᠵᠢᠶᠡᠨ ᠭᠠᠳᠠᠨᠠᠬᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠦᠨ᠂ | ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ︽ᠨᠢᠭᠡ ᠠᠵᠢᠯ ᠶᠠᠪᠤᠳᠠᠯ︾ ᠤᠨ ᠲᠤᠰᠬᠠᠶ ᠣᠷᠤᠨ ᠳᠤ ᠲᠦᠰᠢᠭᠯᠡᠨ᠂ ᠨᠢᠭᠡᠳᠦᠯᠲᠡᠶ ᠣᠷᠣᠬᠤ | ᠡᠭᠦᠳᠡ ᠪᠠᠷ ᠳᠠᠮᠵᠢᠨ ᠰᠦᠯᠵᠢᠶᠡᠨ ᠳᠡᠭᠡᠷ᠎ᠡ ︽ᠨᠢᠭᠡ ᠦᠵᠦᠭᠦᠷ ᠢᠶᠠᠷ ᠭᠥᠯᠢᠶᠡᠨ ᠠᠪᠴᠤ ᠰᠢᠢᠳᠪᠦᠷᠢᠯᠡᠬᠦ︾ ᠶᠢ | ᠪᠡᠶᠡᠯᠡᠭᠦᠯᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ︽ᠮᠥᠩᠬᠡ | ᠰᠤᠪᠠᠭ︾᠂ ᠡᠮᠬᠢᠳᠭᠡᠭᠰᠡᠨ ᠠᠦ᠋ᠲᠣ ᠦᠢᠯᠡᠴᠢᠯᠡᠭᠡᠨ ᠤ ᠦᠵᠦᠭᠦᠷ ᠵᠡᠷᠭᠡ ᠳᠤ ᠥᠷᠭᠡᠳᠬᠡᠨ᠎ᠡ᠃ ᠬᠤᠰᠢᠭᠤᠨ | ᠲᠠᠰ ᠤᠨ ︽ᠨᠢᠭᠡ ᠠᠵᠢᠯ ᠶᠠᠪᠤᠳᠠᠯ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠶᠢᠨ | ᠠᠵᠢᠯᠲᠠᠨ ᠤ ᠲᠤᠬᠠᠶᠢᠯᠠᠭᠰᠠᠨ ᠠᠵᠢᠯ ᠤᠨ ᠭᠠᠷ ᠳᠡᠪᠲᠡᠷ ᠶᠣᠰᠣᠭᠠᠷ᠂ ᠨᠢᠭᠡᠳᠦᠯᠲᠡᠶ ᠭᠥᠯᠢᠶᠡᠨ ᠠᠪᠬᠤ ︵ᠭᠥᠯᠢᠶᠡᠨ | ᠠᠪᠴᠤ ᠰᠢᠢᠳᠪᠦᠷᠢᠯᠡᠬᠦ︶ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠪᠢᠴᠢᠭ ᠮᠠᠲ᠋ᠧᠷᠢᠶᠠᠯ ᠭᠠᠷᠭᠠᠬᠤ ᠭᠤᠭᠴᠤᠭ᠎ᠠ ᠶᠢ | ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠦᠨᠡᠮᠯᠡᠯ ᠭᠠᠷᠭᠠᠬᠤ ᠴᠣᠩᠬᠤᠪᠴᠢ ᠠᠴᠠ ᠴᠣᠩᠬᠤᠪᠴᠢ ᠪᠠᠷ | ᠣᠯᠭᠤᠬᠤ᠂ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠪᠠᠷ ᠬᠦᠷᠭᠡᠬᠦ ᠵᠡᠷᠭᠡ ᠣᠯᠠᠨ ᠶᠠᠩᠵᠤ ᠶᠢᠨ ᠠᠷᠭ᠎ᠠ | ᠮᠠᠶ᠋ᠢᠭ ᠢ ᠠᠪᠴᠤ᠂ ᠭᠦᠢᠴᠡᠳᠬᠡᠭᠰᠡᠨ ᠦᠷ᠎ᠡ ᠳ᠋ᠦᠩ ᠪᠠ ᠪᠣᠳᠠᠲᠤ ᠴᠣᠭᠴᠠ ᠶᠢᠨ ᠭᠡᠷᠡᠴᠢ ᠦᠨᠡᠮᠯᠡᠯ ᠢ | ᠭᠤᠶᠤᠴᠢᠯᠠᠭᠴᠢ ᠳᠤ ᠬᠦᠷᠭᠡᠵᠦ᠂ ᠡᠯᠧᠺᠳ᠋ᠷᠣᠨᠴᠢᠯᠠᠭᠰᠠᠨ ᠠᠷᠭ᠎ᠠ ᠮᠠᠶ᠋ᠢᠭ ᠢᠶᠠᠷ ᠭᠦᠢᠴᠡᠳᠬᠡᠭᠰᠡᠨ ᠦᠷ᠎ᠡ ᠳ᠋ᠦᠩ ᠪᠠ | ᠭᠡᠷᠡᠴᠢ ᠦᠨᠡᠮᠯᠡᠯ ᠢ ᠬᠦᠷᠭᠡᠬᠦ ᠶᠢ ᠲᠦᠷᠭᠡᠳᠬᠡᠨ ᠠᠬᠢᠭᠤᠯᠤᠨ᠎ᠠ᠃ | ︵ᠲᠦᠷᠪᠡ︶ ᠪᠣᠯᠪᠠᠰᠤᠷᠠᠯ ᠪᠠ ᠵᠢᠯᠣᠭᠤᠳᠤᠯᠭ᠎ᠠ ᠪᠠᠨ ᠴᠢᠩᠭᠠᠳᠬᠠᠨ᠎ᠠ᠃ ᠲᠦᠷᠦᠭᠦᠯᠡᠨ ᠬᠢᠬᠦ ᠰᠠᠯᠠᠭ᠎ᠠ ᠮᠥᠴᠢᠷ | ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ᠂ ︽ᠨᠢᠭᠡ ᠠᠵᠢᠯ ᠶᠠᠪᠤᠳᠠᠯ︾ ᠳᠤ ᠬᠤᠯᠪᠣᠭᠳᠠᠬᠤ ᠬᠢᠨᠠᠨ | ᠵᠥᠪᠰᠢᠶᠡᠷᠡᠬᠦ ᠠᠵᠢᠯᠲᠠᠨ᠂ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠳᠤ ᠲᠤᠰᠬᠠᠶ | ᠵᠦᠢᠯ ᠤᠨ ᠪᠣᠯᠪᠠᠰᠤᠷᠠᠯ ᠢ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠮᠡᠳᠡᠯᠭᠡ ᠪᠠ ᠦᠢᠯᠡᠳᠦᠯᠭᠡ ᠶᠢᠨ | ᠠᠵᠢᠯᠯᠠᠭᠠᠨ ᠤ ᠴᠢᠳᠠᠪᠤᠷᠢ ᠶᠢ ᠨᠢ ᠴᠢᠩᠭᠠᠳᠬᠠᠨ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠤᠪᠤᠷᠠᠯ ᠢ | ᠪᠣᠯᠪᠠᠰᠤᠷᠠᠩᠭᠤᠶ ᠡᠵᠡᠮᠰᠢᠬᠦ ᠶᠢ ᠦᠨᠡᠨᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠪᠠ | ᠵᠢᠯᠣᠭᠤᠳᠣᠯᠭ᠎ᠠ ᠬᠠᠩᠭᠠᠵᠤ᠂ ︽ᠨᠢᠭᠡ ᠠᠵᠢᠯ ᠶᠠᠪᠤᠳᠠᠯ︾ ᠤᠨ ᠭᠦᠢᠴᠡᠳᠭᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠥᠬᠦ ᠬᠤᠰᠢᠭᠤᠨ ᠤ ︽ | ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠶᠢ ᠡᠮᠬᠢᠳᠭᠡᠨ ᠭᠦᠢᠴᠡᠳᠭᠡᠬᠦ | ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠤᠨ᠎ᠠ᠃ | ᠲᠦᠷᠦᠭᠦᠯᠡᠨ ᠬᠢᠬᠦ ᠰᠠᠯᠠᠭ᠎ᠠ ᠮᠥᠴᠢᠷ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠡᠯ᠎ᠡ ᠬᠠᠮᠵᠢᠯᠴᠠᠬᠤ ᠰᠠᠯᠠᠭ᠎ᠠ | ᠮᠥᠴᠢᠷ ᠢᠶᠠᠷ ᠪᠦᠷᠢᠯᠳᠦᠬᠦᠨ ᠪᠣᠯᠭᠠᠭᠰᠠᠨ ︽ᠨᠢᠭᠡ ᠠᠵᠢᠯ ᠶᠠᠪᠤᠳᠠᠯ︾ ᠤᠨ ᠲᠤᠰᠬᠠᠶ ᠠᠵᠢᠯ ᠤᠨ ᠠᠩᠭᠢ | ᠨᠢᠭᠡᠪᠦᠷᠢ ᠶᠢ ᠵᠣᠬᠢᠶᠠᠨ ᠪᠠᠶᠢᠭᠤᠯᠤᠨ᠎ᠠ᠃ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠲᠤᠰᠬᠠᠶ ᠠᠵᠢᠯ ᠤᠨ | ᠳᠤᠭᠤᠶᠢᠯᠠᠩ ᠤᠨ ᠡᠳᠦᠷ ᠲᠤᠲᠤᠮ ᠤᠨ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠰᠠᠷ᠎ᠠ ᠪᠦᠷᠢ ᠶᠢᠨ | 25 ᠤ ᠡᠳᠦᠷ ᠠᠴᠠ ᠡᠮᠦᠨ᠎ᠡ ᠲᠤᠰᠬᠠᠶ ᠠᠵᠢᠯ ᠤᠨ ᠲᠤᠰᠬᠠᠶ ᠠᠩᠭᠢ ᠶᠢᠨ ︽ᠨᠢᠭᠡ ᠠᠵᠢᠯ ᠶᠠᠪᠤᠳᠠᠯ︾ ᠢ | ᠠᠬᠢᠭᠤᠯᠤᠭᠰᠠᠨ ᠪᠠᠶᠢᠳᠠᠯ ᠢᠶᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ | ︵ᠬᠤᠶᠠᠷ︶ ᠬᠠᠮᠲᠤᠷᠠᠨ ᠬᠠᠮᠵᠢᠯᠴᠠᠬᠤ ᠪᠠᠨ ᠴᠢᠩᠭᠠᠳᠬᠠᠨ᠎ᠠ᠃ ᠡᠯ᠎ᠡ ᠲᠦᠷᠦᠭᠦᠯᠡᠨ ᠬᠢᠬᠦ ᠰᠠᠯᠠᠭ᠎ᠠ | ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ ᠪᠠᠶᠢᠭᠠᠳ | ᠴᠤᠪᠤᠷᠠᠯ ᠢ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠬᠤ᠂ | ᠰᠢᠰᠲ᠋ᠧᠮ ᠢ ᠵᠣᠯᠭᠠᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠤᠯᠪᠣᠭᠠᠯᠠᠨ ᠬᠥᠳᠡᠯᠦᠯᠴᠡᠵᠦ ᠬᠢᠨᠠᠨ | ᠵᠥᠪᠰᠢᠶᠡᠷᠡᠬᠦ᠂ ᠡᠯᠧᠺᠲᠷᠤᠨ ᠦᠨᠡᠮᠯᠡᠯ ᠤᠨ ᠬᠡᠷᠡᠭᠯᠡᠯᠲᠡ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ | ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢ ᠠᠬᠢᠭᠤᠯᠬᠤ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ ᠬᠠᠮᠵᠢᠯᠴᠠᠬᠤ ᠰᠠᠯᠠᠭ᠎ᠠ ᠮᠥᠴᠢᠷ ᠤᠳ ᠲᠦᠷᠦᠭᠦᠯᠡᠨ ᠬᠢᠬᠦ | ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠢᠶ᠎ᠠ | ᠪᠦᠬᠦᠢ ᠠᠵᠢᠯ ᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ ᠰᠠᠯᠠᠭ᠎ᠠ ᠮᠥᠴᠢᠷ ᠠᠯᠤᠰᠯᠠᠭᠰᠠᠨ | ᠵᠣᠬᠢᠴᠠᠯᠳᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ | ᠭᠦᠢᠴᠡᠳᠭᠡᠬᠦ︾ ᠠᠵᠢᠯ ᠢ ᠪᠦᠲᠦᠮᠵᠢᠲᠡᠶ ᠠᠬᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ︽ᠨᠢᠭᠡ ᠠᠵᠢᠯ ᠶᠠᠪᠤᠳᠠᠯ︾ ᠤᠨ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠬᠤ ᠶᠢᠨ | ᠬᠠᠮᠲᠤ ᠴᠢᠬᠤᠯᠠ ᠪᠦᠬᠦᠢ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ᠂ ᠲᠤᠭ᠎ᠠ ᠪᠠᠷᠢᠮᠲᠠ | ᠵᠡᠷᠭᠡ ᠶᠢᠨ ᠳᠡᠮᠵᠢᠯᠭᠡ ᠬᠠᠩᠭᠠᠬᠤ ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ | ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ | ᠭᠦᠢᠴᠡᠳᠭᠡᠬᠦ︾ ᠶᠢ ᠦᠨᠡᠨ ᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠣᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠳᠤ ᠣᠷᠣᠭᠤᠯᠬᠤ ᠶᠢᠨ ᠬᠠᠮᠲᠤ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠭᠠᠨ ᠦᠨᠡᠯᠡᠬᠦ ᠴᠢᠬᠤᠯᠠ ᠯᠠᠪᠯᠠᠯᠲᠠ ᠪᠣᠯᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠪᠠᠨ ᠰᠠᠶᠢᠲᠤᠷ ᠬᠢᠵᠦ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ᠲᠣᠭᠲᠠᠮᠠᠯ | ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ ᠳᠣᠭᠢᠷᠠᠭᠤᠯᠤᠨ᠂ ᠠᠬᠢᠴᠠ ᠶᠢᠨ ᠪᠠᠶᠢᠳᠠᠯ ᠢᠶᠠᠨ ᠨᠡᠶᠢᠲᠡᠯᠡᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ | ︵ᠲᠦᠷᠪᠡ︶ ᠤᠬᠠᠭᠤᠯᠥᠨ ᠬᠥᠲᠥᠯᠵᠦ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠰᠠᠯᠠᠭ᠎ᠠ ᠮᠥᠴᠢᠷ ᠤᠳ | ᠤᠬᠠᠭᠤᠯᠤᠨ ᠲᠠᠨᠢᠯᠴᠠᠭᠤᠯᠬᠤ ᠶᠢ ᠢᠳᠡᠪᠬᠢᠲᠡᠶ ᠥᠷᠨᠢᠭᠦᠯᠵᠦ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠢ ᠭᠦᠢᠴᠡᠳᠭᠡᠬᠦ︾ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ | ᠰᠦᠯᠵᠢᠶᠡᠨ ᠳᠡᠭᠡᠷᠡᠬᠢ ︽ᠨᠢᠭᠡ ᠠᠵᠢᠯ ᠶᠠᠪᠤᠳᠠᠯ︾ ᠤᠨ ᠲᠤᠰᠬᠠᠶ ᠣᠷᠤᠨ ᠪᠤᠶᠤ ᠰᠦᠯᠵᠢᠶᠡᠨ ᠭᠠᠳᠠᠨᠠᠬᠢ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠢ ᠵᠣᠷᠢᠭᠵᠢᠭᠤᠯᠤᠨ ᠪᠣᠳᠠᠲᠠᠶ ᠠᠴᠠ | ᠡᠭᠦᠰᠴᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ᠥᠭᠡᠷᠡᠴᠢᠯᠡᠯᠲᠡ ᠶᠢᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ | ᠠᠮᠵᠢᠯᠲᠠ ᠲᠠᠢ ᠠᠷᠭ᠎ᠠ ᠪᠠᠷᠢᠯ ᠢ ᠳᠡᠯᠭᠡᠷᠡᠭᠦᠯᠬᠦ ᠬᠡᠷᠡᠭᠲᠡᠶ᠃ | | ᠳᠠᠭᠠᠯᠳᠤᠭᠤᠯᠤᠯ᠄ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ 2024 ᠣᠨ ᠤ | ᠭᠤᠤᠯᠳᠠᠯᠭ᠎ᠠ ᠲᠠᠢ ᠵᠦᠢᠯᠡᠰ ᠤᠨ ᠨᠠᠷᠢᠨ ᠳᠠᠩᠰᠠ ︵ᠳᠡᠭᠡᠷᠡᠬᠢ ᠶᠢ ᠲᠤᠪᠰᠢᠵᠤ ᠬᠦᠰᠦᠨᠦᠭᠲᠦ ᠶᠢ ᠦᠵᠡᠭᠡᠷᠡᠢ︶ | | ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2024 ᠤᠨ ᠤ 7 ᠰᠠᠷ᠎ᠠ ᠶᠢᠨ 1 ᠤ ᠡᠳᠤᠷ ᠲᠠᠷᠤᠮᠠᠯᠯᠠᠨ ᠲᠠᠷᠬᠠᠭᠠᠪᠠ |