ᠶᠡᠭᠡ ᠬᠠᠯᠠᠭᠤᠨ
ᠨᠡᠶᠢᠲᠡᠯᠡᠭᠰᠡᠨ ᠴᠠᠭ᠄
2024/7/22
     ᠶᠡᠭᠡ ᠬᠠᠯᠠᠭᠤᠨ ᠪᠣᠯ ᠬᠤᠷᠢᠨ ᠳᠥᠷᠪᠡᠨ ᠴᠠᠭ ᠤᠯᠠᠷᠢᠯ ᠤᠨ ᠳᠣᠲᠤᠷᠠᠬᠢ ᠠᠷᠪᠠᠨ ᠬᠤᠶᠠᠳᠤᠭᠠᠷ ᠴᠠᠭ ᠤᠯᠠᠷᠢᠯ ᠪᠠᠶᠢᠵᠤ᠂ ᠮᠦᠨᠴᠦ ᠵᠣᠨ ᠤ ᠤᠯᠠᠷᠢᠯ ᠤᠨ ᠬᠠᠮᠤᠭ ᠤᠨ ᠰᠡᠭᠦᠯᠴᠢ ᠶᠢᠨ ᠨᠢᠭᠡ ᠴᠠᠭ ᠤᠯᠠᠷᠢᠯ ᠪᠣᠯᠤᠨ᠎ᠠ᠃ ᠶᠡᠭᠡ ᠬᠠᠯᠠᠭᠤᠨ ᠪᠣᠯ ᠨᠢᠭᠡ ᠵᠢᠯ ᠤᠨ ᠲᠣᠷᠰᠢᠬᠢ ᠬᠠᠮᠤᠭ ᠤᠨ ᠬᠠᠯᠠᠭᠤᠨ ᠴᠠᠭ ᠦᠭᠡ ᠪᠣᠯᠬᠤᠷ ᠰᠡᠳᠭᠢᠯ ᠰᠠᠨᠠᠭ᠎ᠠ ᠪᠠᠨ ᠠᠭᠤᠵᠢᠭᠤ ᠲᠠᠯᠪᠢᠭᠤ ᠪᠠᠶᠢᠯᠭᠠᠬᠤ ᠶᠢᠨ ᠵᠡᠷᠭᠡᠪᠡᠷ ᠪᠡᠶ᠎ᠡ ᠰᠣᠪᠢᠯᠠᠯᠲᠠ ᠶᠢᠨ ᠲᠠᠯ᠎ᠠ ᠳᠤ ᠠᠩᠬᠠᠷᠬᠤ ᠬᠡᠷᠡᠭᠲᠡᠢ᠃ ᠲᠠᠷᠪᠤᠰ᠂ ᠭᠦᠵᠡᠯᠵᠡᠭᠡᠨ᠎ᠡ᠂ ᠲᠤᠭᠤᠷ᠂ ᠭᠦᠢᠯᠡᠰᠦ᠂ ᠦᠷᠭᠡᠰᠦᠲᠦ ᠬᠡᠮᠬᠡ᠂ ᠲᠦᠪᠡᠳ ᠬᠠᠰᠢ᠂ ᠨᠤᠭᠤᠭᠠᠨ ᠪᠤᠷᠴᠠᠭ ᠵᠡᠷᠭᠡ ᠰᠢᠨ᠎ᠡ ᠰᠤᠷᠭᠤᠭ ᠨᠤᠭᠤᠭ᠎ᠠ ᠵᠢᠮᠢᠰ ᠢ ᠢᠯᠡᠭᠦᠬᠡᠨ ᠢᠳᠡᠬᠦ ᠨᠢ ᠤᠰᠤ ᠪᠠ ᠸᠢᠲ᠋ᠠᠮᠢᠨ ᠢ ᠨᠥᠬᠦᠪᠦᠷᠢᠯᠡᠬᠦ ᠳᠤ ᠲᠤᠰᠠᠲᠠᠢ ᠪᠠᠶᠢᠵᠤ᠂ ᠡᠷᠳᠡᠨᠢ ᠰᠢᠰᠢ᠂ ᠨᠠᠷᠢᠮᠤ᠂ ᠬᠤᠯᠢᠮ᠎ᠠ ᠶᠢᠨ ᠠᠮᠤ ᠵᠡᠷᠭᠡ ᠪᠦᠳᠦᠭᠦᠯᠢᠭ ᠠᠮᠤ ᠢᠳᠡᠬᠦ ᠨᠢ ᠬᠤᠳᠤᠭᠤᠳᠤ ᠭᠡᠳᠡᠰᠦᠨ ᠤ ᠡᠷᠡᠭᠦᠯ ᠮᠡᠨᠳᠦ ᠪᠠ ᠬᠤᠣᠷ ᠢ ᠭᠠᠳᠠᠭᠰᠢᠯᠠᠭᠤᠯᠬᠤ ᠳᠤ ᠠᠰᠢᠭᠲᠠᠢ ᠪᠠᠶᠢᠳᠠᠭ᠃    ᠡᠭᠦᠨ ᠠᠴᠠ ᠭᠠᠳᠠᠨ᠎ᠠ ᠤᠨᠲᠠᠵᠤ ᠠᠮᠠᠷᠠᠬᠤ ᠴᠠᠭ ᠢᠶᠠᠨ ᠵᠣᠬᠢᠰᠲᠠᠢ ᠲᠣᠬᠢᠷᠠᠭᠤᠯᠬᠤ ᠶᠢᠨ ᠵᠡᠷᠭᠡᠪᠡᠷ ᠢᠯᠡᠭᠦᠬᠡᠨ ᠤᠰᠤ ᠤᠤᠭᠤᠵᠤ᠂ ᠭᠠᠳᠠᠨ᠎ᠠ ᠭᠠᠷᠪᠠᠯ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠢ᠃
 
ᠢᠷᠡᠯᠲᠡ᠄ ᠥᠪᠦᠷ ᠮᠤᠩᠭᠤᠯ ᠤᠨ ᠡᠳᠦᠷ ᠤᠨ ᠰᠣᠨᠢᠨ ᠤ ᠮᠤᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号