ᠯᠢᠦ ᠲᠢᠶᠠᠨ ᠢ ᠡᠯᠡᠰᠦᠨ ᠪᠠᠯᠭᠠᠰᠤᠨ ᠳᠤ ᠬᠦᠷᠴᠦ ︽ᠨᠠᠢᠮᠠᠨ ᠰᠠᠷ᠎ᠠ ᠶᠢᠨ ᠨᠢᠭᠡᠨ︾ ᠤ ᠲᠣᠬᠤᠨᠢᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/7/26
    7 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠯᠢᠦ ᠲᠢᠶᠠᠨ ᠢ ᠡᠯᠡᠰᠦᠨ ᠪᠠᠯᠭᠠᠰᠤᠨ ᠳᠤ ᠬᠦᠷᠴᠦ ︽8 · 1︾ ᠤ ᠲᠣᠬᠤᠨᠢᠭᠤᠯᠤᠯ ᠥᠷᠨᠢᠭᠦᠯᠪᠡ᠃ ᠲᠣᠬᠤᠨᠢᠭᠤᠯᠬᠤ ᠶᠠᠪᠤᠴᠠ ᠳᠤ᠂ ᠯᠢᠦ ᠲᠢᠶᠠᠨ ᠢ ᠠᠬᠠᠮᠠᠳ ᠴᠡᠷᠢᠭ ᠠᠴᠠ ᠬᠠᠯᠠᠭᠳᠠᠭᠰᠠᠳ᠂ ᠡᠪᠡᠳᠴᠢᠨ  ᠲᠠᠢ  ᠨᠤᠲᠤᠭ ᠲᠠᠭᠠᠨ  ᠪᠤᠴᠠᠭᠰᠠᠨ  ᠴᠡᠷᠢᠭ᠂ ᠠᠯᠪᠠ  ᠬᠠᠭᠠᠵᠤ  ᠪᠠᠶᠢᠭ᠎ᠠ ᠴᠡᠷᠢᠭ  ᠵᠡᠷᠭᠡ ᠶᠢ ᠰᠤᠷᠪᠤᠯᠵᠢᠯᠠᠵᠤ᠂ ᠳᠣᠲᠣᠨᠣ ᠪᠠᠷ ᠶᠠᠷᠢᠯᠴᠠᠬᠤ ᠪᠠᠷ ᠳᠠᠮᠵᠢᠨ᠂ ᠲᠡᠳᠡᠨ ᠤ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠠᠮᠢᠳᠤᠷᠠᠯ ᠤᠨ ᠬᠡᠷᠡᠭᠴᠡᠭᠡ ᠵᠢᠴᠢ ᠴᠡᠷᠢᠭ ᠢᠶᠠᠨ ᠬᠦᠷᠢᠶᠡᠯᠡᠨ ᠠᠰᠠᠷᠠᠨ ᠬᠠᠷᠠᠭᠠᠯᠵᠠᠬᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠣᠬᠤᠨᠢᠭᠤᠯᠬᠤ ᠮᠥᠩᠭᠦ ᠬᠦᠷᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号