ᠬᠦᠷᠢᠶ᠎ᠡ ᠬᠤᠰᠢᠭᠤ ︽ᠥᠪᠥᠷ ᠮᠣᠩᠭᠤᠯ ᠤᠨ ᠠᠪᠤᠷᠠᠨ ᠲᠤᠰᠠᠯᠠᠬᠤ ᠨᠡᠪᠳᠡᠷᠡᠬᠦᠢ︾ ᠳᠠᠩᠰᠠᠯᠠᠬᠤ ᠠᠵᠢᠯ ᠢ ᠢᠳᠡᠪᠬᠢᠲᠡᠶ ᠠᠬᠢᠭᠤᠯᠵᠤ ᠬᠦᠴᠢᠷᠳᠡᠯᠲᠡᠶ ᠣᠯᠠᠨ ᠲᠦᠮᠡᠨ ᠤ ᠵᠣᠯ ᠵᠢᠷᠭᠠᠯ ᠤᠨ ᠵᠠᠮ ᠢ ᠭᠡᠷᠡᠯᠳᠦᠭᠦᠯᠪᠡ
ᠨᠡᠶᠢᠲᠡᠯᠡᠭᠰᠡᠨ ᠴᠠᠭ᠄
2024/7/26
    ᠣᠶᠢᠷ᠎ᠠ ᠶᠢᠨ ᠡᠳᠦᠷ ᠤᠳ ᠲᠤ᠂ ᠬᠦᠷᠢᠶ᠎ᠡ ᠬᠤᠰᠢᠭᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠠᠭᠤᠭᠠᠯᠢ ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠵᠤ ︽ᠥᠪᠥᠷ ᠮᠣᠩᠭᠤᠯ ᠤᠨ ᠠᠪᠤᠷᠠᠨ ᠲᠤᠰᠠᠯᠠᠬᠤ ᠨᠡᠪᠲᠡᠷᠡᠬᠦᠢ︾ ᠲᠠᠪᠴᠠᠩ ᠢ ᠳᠡᠯᠭᠡᠷᠡᠭᠦᠯᠬᠦ ᠠᠵᠢᠯ ᠢ ᠢᠳᠡᠪᠬᠢᠲᠡᠶ ᠠᠬᠢᠭᠤᠯᠪᠠ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠵᠦ᠂ ᠬᠠᠮᠢᠶ᠎ᠠ ᠪᠦᠬᠦᠢ ᠠᠵᠢᠯᠲᠠᠨ ᠳᠤ ᠰᠢᠰᠲ᠋ᠧᠮ ᠲᠠᠢ ᠪᠣᠯᠪᠠᠰᠤᠷᠠᠯ ᠬᠦᠷᠲᠡᠭᠡᠵᠦ᠂ ᠳᠠᠩᠰᠠᠯᠠᠬᠤ ᠶᠠᠪᠤᠴᠠ ᠪᠣᠯᠤᠨ ᠡᠯᠧᠺᠲᠷᠤᠨ ᠡᠷᠬᠡ ᠣᠯᠭᠤᠬᠤ ᠪᠢᠴᠢᠭ ᠲᠤ ᠭᠠᠷ ᠤᠨ ᠦᠰᠦᠭ ᠵᠢᠷᠤᠬᠤ ᠶᠢ ᠪᠣᠯᠪᠠᠰᠤᠷᠠᠩᠭᠤᠶ ᠡᠵᠡᠮᠰᠢᠬᠦ ᠶᠢ ᠪᠠᠲᠤᠯᠠᠪᠠ᠃ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠠᠭᠤᠭᠠᠯᠢ ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠠᠵᠢᠯᠲᠠᠳ ᠬᠠᠮᠢᠶ᠎ᠠ ᠪᠥᠬᠦᠶ ᠮᠠᠲ᠋ᠧᠷᠢᠶᠠᠯ ᠪᠠ ᠲᠥᠬᠦᠭᠡᠷᠦᠮᠵᠢ ᠪᠠᠨ ᠠᠪᠴᠤ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠶᠢᠨ ᠬᠡᠷ ᠪᠦᠯᠢ ᠶᠢ ᠰᠤᠷᠪᠤᠯᠵᠢᠯᠠᠵᠤ᠂ ᠲᠡᠳᠡᠨ ᠳᠤ ︽ᠥᠪᠥᠷ ᠮᠣᠩᠭᠤᠯ ᠤᠨ ᠠᠪᠤᠷᠠᠨ ᠲᠤᠰᠠᠯᠠᠬᠤ  ᠨᠡᠪᠲᠡᠷᠡᠬᠦᠢ︾ ᠶᠢᠨ ᠳᠠᠪᠠᠭᠤᠯᠢᠭ ᠢ ᠬᠦᠯᠢᠴᠡᠩᠭᠦᠶ ᠪᠠᠷ ᠲᠠᠨᠢᠯᠴᠠᠭᠤᠯᠵᠤ᠂ ᠳᠡᠩᠰᠡᠯᠡᠨ ᠠᠵᠢᠯᠯᠠᠭᠤᠯᠬᠤ ᠶᠢ ᠵᠢᠯᠣᠭᠤᠳᠤᠨ ᠪᠡᠶᠡᠯᠡᠭᠦᠯᠬᠦ ᠶᠢᠨ ᠬᠠᠮᠲᠤ ᠡᠯᠧᠺᠲᠷᠤᠨ ᠡᠷᠬᠡ ᠣᠯᠭᠤᠬᠤ ᠪᠢᠴᠢᠭ ᠲᠤ ᠭᠠᠷ ᠤᠨ ᠥᠰᠥᠭ ᠵᠢᠷᠤᠬᠤ ᠳᠤ ᠬᠠᠮᠵᠢᠯᠴᠠᠪᠠ᠃    ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ 4831 ᠬᠥᠮᠦᠨ ᠢ ᠨᠢᠭᠡᠨᠲᠡ ᠳᠠᠩᠰᠠᠯᠠᠭᠤᠯᠵᠤ᠂ 4454 ᠠᠪᠤᠷᠠᠨ ᠲᠤᠰᠠᠯᠠᠬᠤ ᠡᠲᠡᠭᠡᠳ ᠨᠢᠭᠡᠨᠲᠡ ᠡᠷᠬᠡ ᠣᠯᠭᠤᠬᠤ ᠪᠢᠴᠢᠭ ᠲᠤ ᠭᠠᠷ ᠤᠨ ᠥᠰᠥᠭ ᠵᠢᠷᠤᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号