ᠨᠢᠭᠡ᠂ ︽ᠲᠦᠩᠯᠢᠶᠣᠤ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ | ᠲᠣᠭᠲᠠᠴᠠ︾ ᠪᠠᠶᠢᠭᠤᠯᠤᠭᠰᠠᠨ ᠭᠤᠤᠯ ᠵᠣᠷᠢᠯᠭ᠎ᠠ ᠪᠠ ᠠᠴᠢ ᠬᠤᠯᠪᠣᠭᠳᠠᠯ ᠮᠥᠩᠭᠦᠨ ᠭᠦᠢᠯᠭᠡᠭᠡ ᠬᠢᠭᠡᠳ ᠪᠣᠳᠠᠲᠤ | ᠴᠣᠭᠴᠠ ᠶᠢᠨ ᠠᠵᠤ ᠠᠬᠤᠢ ᠪᠣᠯ ᠠᠰᠢᠭ ᠲᠤᠰᠠ ᠶᠢᠨ ᠬᠠᠮᠲᠤ ᠶᠢᠨ ᠴᠣᠭᠴᠠ ᠮᠥᠨ᠃ ᠪᠣᠳᠠᠲᠤ ᠴᠣᠭᠴᠠ ᠶᠢᠨ | ᠠᠵᠤ ᠠᠬᠤᠢ ᠨᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠤ ᠲᠦᠰᠢᠭᠯᠡᠵᠦ᠂ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠤᠨ ᠬᠥᠭᠵᠢᠯᠲᠡ ᠨᠢ ᠪᠣᠳᠠᠲᠤ ᠴᠣᠭᠴᠠ ᠶᠢᠨ ᠠᠵᠤ ᠠᠬᠤᠢ ᠳᠤ ᠲᠦᠰᠢᠭᠯᠡᠨ᠎ᠡ᠃ ᠭᠡᠪᠡᠴᠦ ᠣᠳᠣᠬᠠᠨ ᠤ | ᠮᠠᠨ ᠤ ᠬᠤᠲᠠ ᠶᠢᠨ ᠪᠣᠳᠠᠲᠤ ᠪᠠᠶᠢᠳᠠᠯ ᠠᠴᠠ ᠦᠵᠡᠪᠡᠯ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡ᠂ ᠪᠣᠳᠠᠲᠤ | ᠴᠣᠭᠴᠠ ᠶᠢᠨ ᠠᠵᠤ ᠠᠬᠤᠢ ᠭᠤᠷᠪᠠ ᠶᠢᠨ ᠬᠤᠭᠤᠷᠣᠨᠳᠣ ᠪᠠᠰᠠ ︽ᠴᠢᠮᠡᠭᠡ ᠵᠠᠩᠭᠢ ᠶᠢᠨ ᠲᠤᠰᠠᠭᠠᠷᠯᠠᠯ︾ | ᠣᠷᠣᠰᠢᠵᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ | ᠳᠠᠮᠵᠢᠭᠤᠯᠵᠤ ᠳᠡᠶᠢᠯᠵᠦ ᠦᠭᠡᠢ ᠪᠠᠶᠢᠨ᠎ᠠ᠃ ᠲᠣᠰ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠮᠥᠩᠭᠦᠨ | ᠭᠦᠢᠯᠭᠡᠭᠡᠨ ᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠪᠠᠶᠢᠭᠤᠯᠤᠭᠰᠠᠨ ᠤ ᠤᠭ ᠰᠠᠨᠠᠭ᠎ᠠ ᠨᠢ | ᠳᠠᠷᠤᠶ ᠨᠡᠭᠡᠭᠡᠯᠲᠡᠲᠡᠶ᠂ ᠪᠠᠭᠲᠠᠭᠠᠮᠵᠢᠲᠠᠶ᠂ ᠬᠠᠷᠢᠮᠠᠬᠠᠶ ᠴᠢᠨᠠᠷᠲᠠᠶ ᠰᠢᠰᠲ᠋ᠧᠮ ᠢ ᠪᠠᠶᠢᠭᠤᠯᠵᠤ᠂ ᠣᠲᠣ ᠶᠢᠨ ᠮᠥᠩᠭᠦᠨ | ᠭᠦᠢᠯᠭᠡᠭᠡ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠬᠤᠭᠤᠷᠣᠨᠳᠣ ᠣᠷᠣᠰᠢᠵᠤ ᠪᠠᠶᠢᠭ᠎ᠠ ᠠᠰᠠᠭᠤᠳᠠᠯ᠂ | ᠪᠠᠯᠠᠶ ᠵᠦᠢᠯ ᠪᠠ ᠪᠠᠭᠤᠷᠠᠶ ᠲᠠᠯ᠎ᠠ ᠶᠢ ᠨᠥᠬᠦᠪᠥᠷᠢᠯᠡᠵᠦ᠂ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ | ᠵᠣᠬᠢᠴᠠᠭᠤᠯᠭ᠎ᠠ ᠶᠢᠨ ︽1 + 1 > 2︾ ᠦᠢᠯᠡᠳᠦᠯ ᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠤᠨ᠎ᠠ᠃ ᠪᠥᠬᠦ | ᠬᠤᠲᠠ ᠶᠢᠨ ᠬᠡᠪᠴᠢᠶᠡᠨ ᠳᠤ ᠡᠶᠢᠮᠦ ᠨᠢᠭᠡᠨ ᠲᠣᠭᠲᠠᠴᠠ ᠶᠢ ᠪᠠᠶᠢᠭᠤᠯᠵᠤ᠂ ᠡᠯ᠎ᠡ ᠬᠦᠷᠢᠶᠡᠨ ᠤ ︽ᠲᠤᠭ᠎ᠠ | ᠪᠠᠷᠢᠮᠲᠠ ᠶᠢᠨ ᠲᠤᠰᠠᠭᠠᠷᠯᠠᠯ︾ ︽ᠴᠢᠮᠡᠭᠡ ᠵᠠᠩᠭᠢ ᠶᠢᠨ ᠲᠤᠰᠠᠭᠠᠷᠯᠠᠯ︾ ᠢ ᠡᠪᠳᠡᠬᠦ ᠪᠠ ᠪᠢᠳᠡᠨ ᠤ ᠬᠠᠮᠵᠢᠯᠴᠠᠨ | ᠬᠦᠴᠦᠯᠡᠬᠦ ᠳᠤ ᠠᠰᠢᠭᠲᠠᠢ ᠶᠤᠮ᠂ ᠭᠤᠤᠯᠳᠠᠯᠭ᠎ᠠ ᠲᠠᠢ ᠠᠵᠢᠯ ᠢ ᠵᠠᠳᠠᠯᠤᠨ ᠰᠤᠳᠤᠯᠵᠤ ᠮᠠᠭᠠᠳᠯᠠᠬᠤ ᠪᠠ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭ᠎ᠠ ᠪᠠᠷᠢᠮᠲᠠ ᠶᠢᠨ ᠴᠢᠮᠡᠭᠡ ᠵᠠᠩᠭᠢ ᠶᠢ ᠬᠠᠮᠲᠤ ᠪᠠᠷ ᠡᠳ᠋ᠯᠡᠬᠦ ︽ᠥᠨᠳᠥᠷ | ᠬᠤᠷᠳᠤᠴᠠᠲᠤ ᠰᠦᠯᠵᠢᠶ᠎ᠡ︾ ᠶᠢ ᠪᠣᠶ ᠪᠣᠯᠭᠠᠵᠤ᠂ ᠲᠥᠷᠥ ᠶᠢᠨ ᠪᠣᠳᠣᠯᠭ᠎ᠠ ᠳᠠᠮᠵᠢᠭᠤᠯᠬᠤ ︽ᠡᠴᠦᠰ ᠤᠨ ᠨᠢᠭᠡ | ᠠᠯᠬᠤᠮ︾ ᠢ ᠨᠡᠪᠲᠡᠷᠡᠭᠦᠯᠦᠨ᠎ᠡ᠃ | ᠬᠤᠶᠠᠷ᠂ ᠪᠠᠶᠢᠭᠤᠯᠤᠭᠰᠠᠨ ᠦᠨᠳᠦᠰᠦᠯᠡᠯ ᠲᠤᠰᠬᠠᠶ ᠰᠡᠳᠦᠪᠲᠦ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ | ︽ᠲᠦᠩᠯᠢᠶᠣᠤ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ︾ | ᠵᠡᠷᠭᠡ ᠮᠥᠩᠭᠦᠨ ᠭᠦᠢᠯᠭᠡᠭᠡᠨ ᠤ ᠬᠦᠷᠢᠶᠡᠨ ᠳᠠᠬᠢ ᠪᠢᠴᠢᠭ ᠮᠠᠲ᠋ᠧᠷᠢᠶᠠᠯ ᠵᠣᠬᠢᠶᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠡᠮᠦᠨᠡᠬᠢ ᠬᠤᠭᠤᠴᠠᠭᠠᠨ ᠤ ᠭᠦᠢᠴᠡᠳ ᠪᠠᠶᠢᠴᠠᠭᠠᠨ ᠰᠤᠳᠤᠯᠤᠯᠲᠠ ᠬᠢᠬᠦ ᠪᠠ ᠰᠠᠨᠠᠯ | ᠬᠤᠷᠢᠶᠠᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠵᠢᠴᠢ ᠲᠦᠩᠯᠢᠶᠣᠤ ᠬᠤᠲᠠ ᠶᠢᠨ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ︽ᠲᠦᠩᠯᠢᠶᠣᠤ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ | ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ︾ ᠶᠢ ᠪᠠᠶᠢᠭᠤᠯᠪᠠ᠃ ᠪᠦᠷᠢᠯᠳᠦᠬᠦᠨ ᠨᠢᠭᠡᠴᠡ ᠪᠥᠬᠦ ᠬᠤᠲᠠ ᠶᠢᠨ | 95 ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ | ᠣᠷᠳᠣᠨ ᠵᠢᠴᠢ ᠪᠠᠩᠬᠢ ᠳᠠᠭᠠᠳᠬᠠᠯ ᠤᠨ ᠪᠠᠶᠢᠭᠤᠯᠤᠮᠵᠢ ᠶᠢ ᠬᠠᠮᠤᠷᠪᠠ᠃ | ᠭᠤᠷᠪᠠ᠂ ᠪᠠᠶᠢᠭᠤᠯᠤᠭᠰᠠᠨ ᠶᠠᠪᠤᠴᠠ ︽ᠲᠦᠩᠯᠢᠶᠣᠤ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ | ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ︾ ᠶᠢ 2022 ᠣᠨ ᠤ 12 ᠳ᠋ᠤᠭᠠᠷ ᠰᠠᠷ᠎ᠠ ᠶᠢᠨ 26 ᠠᠴᠠ ᠡᠬᠢᠯᠡᠨ | ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠭᠡᠮ ᠤᠨ ᠰᠠᠨᠠᠯ ᠢ ᠢᠯᠡ ᠪᠠᠷ ᠬᠤᠷᠢᠶᠠᠵᠤ᠂ ᠡᠨᠡ | ᠬᠤᠭᠤᠴᠠᠭᠠᠨ ᠳᠤ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠣᠯᠤᠭᠰᠠᠨ ᠥᠬᠡᠶ᠃ ᠤᠷᠢᠳ ᠬᠤᠵᠢᠳ ᠬᠤᠶᠠᠷ | ᠤᠳᠠᠭᠠᠨ ᠤ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠬᠤ᠂ ᠰᠠᠨᠠᠯ ᠬᠤᠷᠢᠶᠠᠬᠤ ᠵᠠᠬᠢᠳᠠᠯ ᠲᠠᠷᠬᠠᠭᠠᠬᠤ | ᠠᠷᠭ᠎ᠠ ᠮᠠᠶ᠋ᠢᠭ ᠢᠶᠠᠷ ᠳᠠᠮᠵᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ | ᠬᠠᠷᠢᠭᠤ ᠲᠤᠰᠬᠠᠭᠰᠠᠨ ᠢᠶᠠᠷ ᠪᠦᠷ ᠵᠠᠰᠠᠪᠤᠷᠢ ᠣᠷᠣᠭᠤᠯᠬᠤ ᠰᠠᠨᠠᠯ ᠥᠬᠡᠶ᠃ | ᠳᠥᠷᠪᠡ᠂ ᠭᠤᠤᠯ ᠠᠭᠤᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠦᠲᠦᠴᠡ ᠲᠦᠩᠯᠢᠶᠣᠤ ᠬᠤᠲᠠ ᠶᠢᠨ ᠮᠥᠩᠭᠦᠨ ᠭᠦᠢᠯᠭᠡᠭᠡᠨ ᠤ | ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ︵ᠳᠣᠷᠣᠭᠰᠢ ︽ᠬᠡᠷᠡᠭ ᠵᠥᠪᠯᠡᠵᠦ ᠵᠣᠬᠢᠴᠠᠭᠤᠯᠬᠤ | ᠲᠣᠭᠲᠠᠴᠠ︾ ᠭᠡᠵᠦ ᠲᠣᠪᠴᠢᠯᠠᠨ᠎ᠠ︶ ᠳᠤ ᠬᠤᠷᠠᠯᠳᠤᠭᠤᠯᠤᠭᠴᠢ᠂ ᠳᠡᠳ᠋ ᠬᠤᠷᠠᠯᠳᠤᠭᠤᠯᠤᠭᠴᠢ᠂ ᠪᠦᠷᠢᠯᠳᠦᠬᠦᠨ | ᠪᠠᠭᠲᠠᠨ᠎ᠠ᠃ ᠬᠤᠷᠠᠯᠳᠤᠭᠤᠯᠤᠭᠴᠢ ᠨᠢ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠡᠳ᠋ ᠳᠠᠷᠤᠭ᠎ᠠ︔ ᠳᠡᠳ᠋ ᠬᠤᠷᠠᠯᠳᠤᠭᠤᠯᠤᠭᠴᠢ ᠨᠢ ᠮᠥᠩᠭᠦᠨ | ᠭᠦᠢᠯᠭᠡᠭᠡᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ | ᠳᠡᠳ᠋ ᠳᠠᠷᠤᠭ᠎ᠠ ᠵᠢᠴᠢ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠠᠷᠠᠳ ᠤᠨ ᠪᠠᠩᠬᠢ ᠶᠢᠨ ᠲᠦᠩᠯᠢᠶᠣᠤ | ᠬᠤᠲᠠ ᠶᠢᠨ ᠲᠥᠪ ᠰᠠᠯᠪᠤᠷᠢ ᠪᠠᠩᠬᠢ᠂ ᠲᠦᠩᠯᠢᠶᠣᠤ ᠶᠢᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ︔ ᠭᠡᠰᠢᠭᠦᠳ ᠨᠢ ᠬᠠᠮᠢᠶ᠎ᠠ ᠪᠦᠬᠦᠢ ᠰᠠᠯᠠᠭ᠎ᠠ | ᠮᠥᠴᠢᠷ ᠨᠢᠭᠡᠴᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠮᠥᠩᠭᠦᠨ ᠭᠦᠢᠯᠭᠡᠭᠡᠨ ᠤ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠬᠠᠷᠢᠭᠤᠴᠠᠯᠭᠠᠲᠠᠨ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ | ᠨᠥᠬᠦᠳ ᠪᠣᠯᠤᠨ᠎ᠠ᠃ ᠡᠯ᠎ᠡ ᠪᠦᠷᠢᠯᠳᠦᠬᠦᠨ ᠨᠢᠭᠡᠴᠡ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠬᠢᠷᠠᠭᠤᠯᠤᠯᠲᠠ | ᠬᠢᠵᠦ ᠪᠣᠯᠤᠨ᠎ᠠ᠃ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠬᠡᠷᠡᠭ ᠵᠥᠪᠯᠡᠵᠦ ᠵᠣᠬᠢᠴᠠᠭᠤᠯᠬᠤ | ᠲᠣᠭᠲᠠᠴᠠ ᠶᠢᠨ ᠠᠯᠪᠠᠨ ᠭᠡᠷ ᠪᠠᠶᠢᠭᠤᠯᠪᠠ᠃ ᠲᠣᠰ ᠲᠣᠭᠲᠠᠴᠠ ᠪᠠᠷ ᠵᠢᠯᠣᠭᠤᠳᠬᠤ᠂ ᠵᠣᠬᠢᠴᠠᠭᠤᠯᠬᠤ ᠳᠤ | ᠲᠥᠪ ᠤᠨ ᠪᠠ ᠣᠷᠣᠨ ᠨᠤᠲᠤᠭ ᠤᠨ ᠠᠵᠢᠯ ᠶᠠᠪᠤᠳᠠᠯ ᠤᠨ ᠡᠷᠬᠡ ᠶᠢᠨ ᠲᠣᠬᠢᠷᠠᠭᠤᠯᠤᠯᠲᠠ ᠶᠢ ᠬᠤᠪᠢᠷᠠᠭᠤᠯᠬᠤ | ᠦᠭᠡᠢ᠂ ᠪᠦᠷᠢᠯᠳᠦᠬᠦᠨ ᠨᠢᠭᠡᠴᠡ ᠶᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢ ᠣᠷᠣᠯᠠᠭᠤᠯᠬᠤ ᠦᠭᠡᠢ᠃ | ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠳᠤ ᠨᠡᠶᠢᠲᠡ 8 | ᠵᠦᠢᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃ ᠨᠢᠭᠡ ᠳᠤ᠂ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢᠨ ᠴᠢᠮᠡᠭᠡ ᠵᠠᠩᠭᠢ ᠶᠢ ᠲᠠᠶᠢᠯᠪᠤᠷᠢᠯᠠᠬᠤ ᠪᠠ ᠬᠠᠮᠲᠤ ᠪᠠᠷ ᠡᠳ᠋ᠯᠡᠬᠦ ᠶᠢ ᠥᠷᠨᠢᠭᠦᠯᠦᠨ᠎ᠡ᠃ | ᠬᠤᠶᠠᠷ ᠲᠤ᠂ ᠭᠤᠣᠯᠳᠠᠯᠭ᠎ᠠ ᠲᠠᠢ ᠮᠥᠩᠭᠦᠨ ᠭᠦᠢᠯᠭᠡᠭᠡᠨ ᠤ ᠬᠠᠩᠭᠠᠯᠭ᠎ᠠ ᠬᠡᠷᠡᠭᠴᠡᠭᠡ ᠶᠢᠨ ᠴᠢᠮᠡᠭᠡ ᠵᠠᠩᠭᠢ ᠶᠢ ᠴᠠᠭ | ᠲᠤᠬᠠᠢ ᠳᠤᠨᠢ ᠰᠣᠯᠢᠯᠴᠠᠨ᠎ᠠ᠃ ᠭᠤᠷᠪᠠ ᠳᠤ᠂ ᠮᠥᠩᠭᠦᠨ ᠭᠦᠢᠯᠭᠡᠭᠡᠨ ᠪᠣᠳᠠᠲᠤ ᠴᠣᠭᠴᠠ ᠶᠢᠨ ᠠᠵᠤ ᠠᠬᠤᠢ ᠳᠤ | ᠦᠢᠯᠡᠴᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠮᠠᠭᠠᠳᠯᠠᠨ᠎ᠠ᠃ ᠲᠦᠷᠪᠡ ᠳᠤ᠂ ᠮᠥᠩᠭᠦᠨ ᠭᠦᠢᠯᠭᠡᠭᠡᠨ ᠤ ᠠᠮᠢ | ᠠᠬᠤᠢ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠤᠨ᠎ᠠ᠃ ᠲᠠᠪᠤ ᠳᠤ᠂ ᠮᠥᠩᠭᠦᠨ | ᠭᠦᠢᠯᠭᠡᠭᠡᠨ ᠤ ᠴᠢᠬᠤᠯᠠ ᠶᠡᠭᠡ ᠵᠦᠢᠯᠡᠰ ᠢ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠤᠨ᠎ᠠ᠃ ᠵᠢᠷᠭᠤᠭ᠎ᠠ ᠳᠤ᠂ | ᠣᠷᠣᠨ ᠨᠤᠲᠤᠭ ᠤᠨ ᠴᠢᠬᠤᠯᠠ ᠶᠡᠭᠡ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠬᠠᠮᠵᠢᠯᠴᠠᠨ ᠥᠷᠨᠢᠭᠦᠯᠦᠨ᠎ᠡ᠃ ᠲᠤᠯᠤᠭ᠎ᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠡᠯ᠎ᠡ ᠭᠠᠵᠠᠷ | ᠣᠷᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠵᠡᠷᠭᠡ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃ ᠨᠠᠢᠮᠠ ᠳᠤ᠂ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠠᠵᠢᠯᠯᠠᠬᠤ ᠠᠷᠭ᠎ᠠ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠭᠤᠤᠯᠳᠠᠭᠤ ᠲᠤᠰᠬᠠᠶ | ᠰᠡᠳᠦᠪᠲᠦ ᠬᠤᠷᠠᠯ ᠵᠡᠷᠭᠡ ᠬᠡᠯᠪᠡᠷᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃ | ᠬᠤᠷᠠᠯ ᠤᠨ ᠵᠥᠪᠯᠡᠬᠦ ᠰᠡᠳᠦᠪ ᠢ ᠠᠯᠪᠠᠨ ᠬᠡᠷ ᠠᠴᠠ ᠴᠤᠭᠯᠠᠭᠤᠯᠵᠤ᠂ ᠵᠣᠬᠢᠴᠠᠭᠤᠯᠬᠤ ᠲᠣᠭᠲᠠᠴᠠ ᠶᠢᠨ | ᠬᠤᠷᠠᠯᠳᠤᠭᠤᠯᠤᠭᠴᠢ ᠬᠢᠨᠠᠨ ᠲᠣᠭᠲᠠᠭᠠᠭᠰᠠᠨ ᠤ ᠳᠠᠷᠠᠭ᠎ᠠ᠂ ᠬᠤᠷᠠᠯ ᠤᠨ ᠴᠠᠭ᠂ ᠬᠡᠯᠪᠡᠷᠢ ᠪᠠ ᠬᠤᠷᠠᠯ ᠳᠤ | ᠣᠷᠣᠯᠴᠠᠭᠴᠢᠳ ᠢ ᠲᠣᠭᠲᠠᠭᠠᠨ᠎ᠠ᠃ ᠪᠦᠷᠢᠯᠳᠦᠬᠦᠨ ᠨᠢᠭᠡᠴᠡ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ | ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠵᠦ᠂ | ᠴᠢᠬᠤᠯᠠ ᠪᠦᠬᠦᠢ ᠴᠢᠮᠡᠭᠡ ᠵᠠᠩᠭᠢ ᠬᠠᠩᠭᠠᠵᠤ᠂ ᠦᠨᠡᠨᠬᠦ ᠬᠡᠷᠡᠭᠵᠢᠭᠦᠯᠦᠭᠦᠰᠢᠲᠡᠶ ᠰᠠᠨᠠᠯ ᠰᠠᠨᠠᠭᠤᠯᠭ᠎ᠠ ᠳᠤᠷᠠᠳᠬᠤ | ᠬᠡᠷᠡᠭᠲᠡᠶ᠃ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠠᠴᠠ ᠭᠤᠤᠯᠳᠠᠯᠭ᠎ᠠ ᠲᠠᠢ ᠠᠵᠢᠯ ᠢ ᠲᠥᠷᠥᠯ ᠵᠦᠢᠯ | ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭᠠᠲᠤ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠠᠵᠢᠯ ᠤᠨ ᠴᠠᠭ ᠤᠨ | ᠬᠢᠵᠠᠭᠠᠷ ᠢ ᠲᠣᠳᠣᠷᠬᠠᠶᠢᠯᠠᠨ᠂ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠢ ᠱᠠᠭᠠᠷᠳᠠᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠵᠣᠬᠢᠴᠠᠭᠤᠯᠬᠤ | ᠲᠣᠭᠲᠠᠴᠠ ᠶᠢᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠠᠬᠢᠴᠠ ᠶᠢᠨ ᠪᠠᠶᠢᠳᠠᠯ ᠢᠶᠠᠨ | ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠶ᠃ ᠬᠡᠷᠡᠭ ᠵᠥᠪᠯᠡᠵᠦ | ᠵᠣᠬᠢᠴᠠᠭᠤᠯᠬᠤ ᠲᠣᠭᠲᠠᠴᠠ ᠶᠢᠨ ᠠᠯᠪᠠᠨ ᠬᠡᠷ ᠠᠴᠠ ᠴᠠᠭ ᠲᠤᠬᠠᠶ ᠳᠤᠨᠢ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠬᠤᠯᠪᠣᠭᠳᠠᠯ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ᠂ ᠪᠠᠶᠢᠴᠠᠭᠠᠨ ᠰᠤᠳᠤᠯᠵᠤ | ᠵᠠᠳᠠᠯᠤᠭᠰᠠᠨ ᠦᠷ᠎ᠡ ᠪᠦᠲᠦᠭᠡᠯ ᠵᠡᠷᠭᠡ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠲᠣᠰ ᠲᠣᠭᠲᠠᠴᠠ ᠪᠠᠷ ᠯᠠᠪᠯᠠᠯᠲᠠ ᠪᠣᠯᠭᠠᠨ ᠬᠠᠷᠢᠶ᠎ᠠ ᠭᠠᠵᠠᠷ ᠤᠨ ᠮᠥᠩᠭᠦᠨ | ᠭᠦᠢᠯᠭᠡᠭᠡᠨ ᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠪᠠᠶᠢᠭᠤᠯᠵᠤ ᠪᠣᠯᠤᠨ᠎ᠠ᠃ | ᠲᠠᠶᠢᠯᠤᠮᠵᠢ ᠬᠢᠭᠰᠡᠨ ᠨᠢᠭᠡᠴᠡ᠄ ᠲᠦᠩᠯᠢᠶᠣᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠲᠠᠶᠢᠯᠪᠤᠷᠢᠯᠠᠭᠴᠢ᠄ ᠳ᠋ᠤᠸᠠᠨ ᡁᠢ ᠪᠥᠸᠧ |