ᠬᠤᠰᠢᠭᠤᠨ ᠤ ᠤᠯᠠᠭᠠᠨᠮᠥ᠋ᠴᠢᠷ ᠴᠡᠷᠢᠭ ᠤᠨ ᠬᠤᠸᠠᠷᠠᠨ ᠳᠤ ᠬᠦᠷᠴᠦ ᠲᠣᠬᠤᠨᠢᠭᠤᠯᠬᠤ ᠲᠤᠭᠯᠠᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/26
    7 ᠰᠠᠷ᠎ᠠ ᠶᠢᠨ 25 ᠤ ᠡᠳᠦᠷ᠂ ᠬᠤᠰᠢᠭᠤᠨ ᠤ ᠤᠯᠠᠭᠠᠨᠮᠥ᠋ᠴᠢᠷ ︽ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠦᠷᠭᠦᠯᠵᠢᠯᠡᠨ ᠵᠠᠯᠭᠠᠮᠵᠢᠯᠠᠵᠤ ᠬᠤᠶᠠᠷ ᠢ ᠬᠦᠷᠢᠶᠡᠯᠡᠬᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠴᠡᠷᠢᠭ ᠤᠨ ᠬᠤᠸᠠᠷᠠᠨ ᠳᠤ ᠬᠦᠷᠴᠦ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠬᠤᠰᠢᠭᠤᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠣᠯᠠᠨ ᠴᠢᠳᠠᠪᠬᠢᠲᠤ ᠲᠢᠩᠬᠢᠮ ᠳᠤ ᠶᠠᠪᠤᠭᠳᠠᠪᠠ᠃ ᠲᠣᠭᠯᠠᠯᠲᠠ ᠨᠢ ᠪᠥᠵᠢᠭ ︽ᠬᠦᠭᠵᠢᠯᠲᠦ ᠠᠨᠳᠠᠢ︾ ᠶᠢᠨ ᠳᠤᠮᠳᠠ ᠬᠥᠰᠢᠭᠡ ᠪᠠᠨ ᠰᠡᠬᠦᠵᠦ᠂ ᠳᠠᠭᠤᠤ ︽ᠡᠬᠡ ᠨᠤᠲᠤᠭ ᠪᠣᠯ ᠮᠢᠨᠦ ᠡᠭᠦᠷᠢᠳᠡ ᠶᠢᠨ  ᠮᠥᠷᠦᠭᠡᠳᠦᠯ︾᠂ ︽ᠰᠠᠭᠠᠭ ᠤᠨ ᠴᠡᠴᠡᠭ ᠳᠡᠯᠭᠡᠷᠡᠭᠰᠡᠨ ᠨᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠠᠬᠤᠢ ᠲᠠᠯᠠᠪᠠᠢ ᠶᠢᠨ ᠳᠠᠷᠤᠭ᠎ᠠ ᠪᠠᠶᠢᠯᠳᠤᠭᠴᠢᠳ ᠤᠨ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢ ᠣᠯᠵᠤ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠪᠦᠯᠬᠦᠮᠳᠡᠵᠦ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠳᠬᠡᠵᠡᠶ᠃ ᠠᠵᠢᠯᠯᠠᠭ᠎ᠠ ᠨᠢ ᠳᠠᠷᠤᠭ᠎ᠠ ᠪᠠᠶᠢᠯᠳᠤᠭᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠲᠡᠳᠡᠨ ᠤ ᠰᠢᠨ᠎ᠡ ᠴᠠᠭ ᠦᠶ᠎ᠡ ᠶᠢᠨ ᠴᠡᠷᠢᠭ ᠬᠥᠮᠦᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠲᠠᠰᠤᠷᠠᠯᠲᠠ ᠦᠭᠡᠢ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠢᠲᠡᠭᠡᠯ ᠵᠣᠷᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号