7 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠭᠤᠤᠯᠯᠠᠨ ᠡᠷᠭᠢᠯᠡᠵᠦ᠂ | ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠳᠠᠭᠠᠭᠠᠴᠢᠯᠠᠨ ᠡᠷᠭᠢᠯᠡᠭᠰᠡᠨ | ︽ᠰᠢᠨ᠎ᠡ ᠠᠶᠠᠨ ᠳᠠᠭᠠᠨ ᠭᠠᠷ ᠬᠤᠯᠪᠣᠨ ᠰᠢᠨ᠎ᠡ ᠴᠠᠭ ᠦᠶ᠎ᠡ ᠶᠢ ᠪᠣᠯᠪᠠᠰᠤᠨ ᠢᠶᠠᠷ ᠮᠠᠭᠲᠠᠨ ᠳᠠᠭᠤᠯᠠᠬᠤ︾ ᠲᠤᠰᠬᠠᠶ | ᠲᠣᠭᠯᠠᠯᠲᠠ ᠰᠢᠨ᠎ᠡ ᠲᠣᠭᠤᠷᠢᠭ ᠤᠨ ᠰᠥᠨᠢ ᠶᠢᠨ ᠵᠠᠬ᠎ᠠ ᠳᠡᠯᠭᠡᠭᠦᠷ ᠲᠤ ᠶᠠᠪᠤᠭᠳᠠᠪᠠ᠃ | ᠲᠣᠭᠯᠠᠯᠲᠠ ᠳᠤ᠂ ᠪᠥᠵᠢᠭ ︽ᠬᠦᠰᠡᠯᠡᠩᠲᠦ ᠰᠠᠶᠢᠬᠠᠨ ᠬᠦᠳᠡᠭᠡ ᠲᠠᠯ᠎ᠠ ᠳᠤ︾᠂ ᠠᠷᠠᠳ ᠤᠨ ᠬᠥᠭᠵᠢᠮ ᠤᠨ | ᠨᠠᠶᠢᠷᠠᠯ ᠬᠥᠭᠵᠢᠮ ︽ᠰᠠᠭᠠᠯᠢᠴᠢᠨ ᠤ ᠪᠥᠵᠢᠭ ᠤᠨ ᠠᠶᠠᠰ︾᠂ ᠠᠷᠪᠠᠨ ᠳᠣᠯᠤᠭᠠᠨ ᠦᠰᠦᠭᠲᠦ ᠰᠢᠯᠦᠭ ︽ | ᠪᠣᠯᠪᠠᠰᠤᠨ ᠰᠢᠨ᠎ᠡ ᠰᠤᠷᠲᠠᠯ ᠢ ᠬᠠᠮᠲᠤ ᠪᠠᠷ ᠪᠠᠳᠠᠷᠠᠭᠤᠯᠤᠶ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ | ᠵᠠᠯᠭᠠᠭ᠎ᠠ ᠪᠠᠷ ᠲᠣᠭᠯᠠᠵᠤ᠂ ᠰᠠᠶᠢᠵᠢᠷᠠᠬᠤ ᠨᠥᠬᠦᠷᠰᠡᠭ ᠥᠭᠡᠳᠡᠯᠡᠨ ᠲᠠᠪᠰᠢᠬᠤ ᠰᠠᠶᠢᠨ ᠰᠠᠶᠢᠬᠠᠨ ᠵᠢᠷᠤᠭᠯᠠᠯ ᠢ | ᠢᠯᠡᠷᠡᠭᠦᠯᠪᠡ᠃ | ᠲᠣᠭᠯᠠᠯᠲᠠ ᠳᠤ᠂ ᠪᠠᠰᠠ ᠦᠨᠳᠦᠰᠦᠲᠡᠨ ᠤ ᠪᠦᠯᠬᠦᠮᠳᠡᠯ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ | ᠠᠭᠤᠯᠭ᠎ᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠠ ︽ᠲᠦᠩᠯᠢᠶᠣᠤ ᠬᠤᠲᠠ ᠶᠢᠨ ᠵᠠᠩ ᠳᠠᠳᠬᠠᠯ ᠢ | ᠥᠭᠡᠷᠡᠴᠢᠯᠡᠬᠦ ᠲᠦᠷᠢᠮ︾ ᠤᠨ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠬᠢᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠵᠠᠩ | ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠪᠡ᠃ | | | |