7 ᠰᠠᠷ᠎ᠠ ᠶᠢᠨ 30 ᠤ ᠡᠳᠦᠷ᠂ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ | ᠭᠤᠤᠯᠯᠠᠨ ᠡᠷᠭᠢᠯᠡᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠰᠣᠶᠣᠯ ᠤᠷᠠᠯᠢᠭ ᠤᠨ | ᠲᠥᠪ ᠠᠴᠠ ᠳᠠᠭᠠᠭᠠᠴᠢᠯᠠᠨ ᠡᠷᠭᠢᠯᠡᠭᠰᠡᠨ ᠬᠦᠷᠢᠶ᠎ᠡ ᠬᠤᠰᠢᠭᠤᠨ ᠤ ᠠᠩᠬᠠᠳᠤᠭᠠᠷ ᠬᠤᠭᠤᠴᠠᠭᠠᠨ ᠤ | ᠨᠠᠰᠤᠲᠠᠶᠢᠴᠤᠳ ᠤᠨ ᠰᠣᠶᠣᠯ ᠤᠷᠠᠯᠢᠭ ᠤᠨ ᠨᠠᠶᠢᠷ ᠤᠨ ᠰᠠᠭᠤᠭᠠᠯᠢ ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠤᠨ ᠲᠤᠰᠬᠠᠶ ᠤᠷᠠᠨ ᠰᠠᠶᠢᠬᠠᠨ ᠤ ᠲᠣᠭᠯᠠᠯᠲᠠ ᠢᠵᠠᠭᠤᠷ ᠤᠷᠠᠯᠢᠭ ᠤᠨ ᠪᠦᠯᠬᠦᠮ ᠤᠨ ᠵᠢᠵᠢᠭ ᠵᠦᠴᠦᠭᠡ ᠶᠢᠨ | ᠲᠠᠯᠠᠪᠠᠶ ᠳᠤ ᠶᠠᠪᠤᠭᠳᠠᠪᠠ᠃ | 7 ᠨᠡᠶᠢᠭᠡᠮ ᠲᠣᠭᠤᠷᠢᠭ ᠠᠴᠠ ᠢᠷᠡᠭᠰᠡᠨ ᠨᠠᠰᠤᠲᠠᠶᠢᠴᠤᠳ ᠤᠨ ᠤᠷᠠᠨ ᠰᠠᠶᠢᠬᠠᠨ ᠤ ᠳᠤᠷ᠎ᠠ ᠪᠠᠭ᠋ᠠᠲᠠᠳ | ᠲᠣᠭᠯᠠᠯᠲᠠ ᠳᠤ ᠣᠷᠣᠯᠴᠠᠪᠠ᠃ ᠲᠣᠭᠯᠠᠯᠲᠠ ᠨᠢ ︽ᠡᠬᠡ ᠤᠯᠤᠰ ᠢᠶᠠᠨ ᠲᠣᠳᠤᠨᠤᠴᠢᠯᠠᠶᠠ︾ ᠭᠡᠬᠦ ᠬᠠᠮᠲᠤ ᠶᠢᠨ | ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠳᠠᠭᠤᠤ ᠬᠦᠭᠵᠢᠮ᠂ ᠶᠠᠩᠭᠠᠷ ᠪᠥᠵᠢᠭ᠂ ᠠᠷᠪᠠᠨ ᠳᠣᠯᠤᠭᠠᠨ | ᠦᠰᠦᠭᠲᠦ ᠰᠢᠯᠦᠭ᠂ ᠳᠥᠷᠪᠡᠨ ᠤᠲᠠᠰᠤᠲᠤ ᠬᠤᠭᠤᠷ ᠤᠨ ᠭᠤᠴᠣᠯᠠᠯ ᠬᠥᠭᠵᠢᠮ ᠵᠡᠷᠭᠡ ᠭᠤᠶᠢᠳᠠ ᠰᠠᠶᠢᠬᠠᠨ | ᠲᠣᠭᠯᠠᠯᠲᠠ ᠶᠢ ᠵᠠᠯᠭᠠᠭ᠎ᠠ ᠪᠠᠷ ᠲᠣᠭᠯᠠᠵᠤ᠂ ᠨᠠᠰᠤᠲᠠᠶᠢᠴᠤᠳ ᠤᠨ ᠤᠷᠠᠨ ᠰᠠᠶᠢᠬᠠᠨ ᠤ ᠳᠤᠷ᠎ᠠ ᠪᠠᠭ᠋ᠠᠲᠠᠳ ᠤᠨ | ᠣᠷᠭᠢᠯᠤᠮ᠎ᠠ ᠬᠠᠯᠠᠭᠤᠨ ᠰᠡᠳᠬᠢᠯᠭᠡ ᠪᠠ ᠢᠲᠡᠭᠡᠯ ᠲᠡᠭᠦᠯᠳᠡᠷ ᠲᠣᠭᠯᠠᠯᠲᠠ ᠨᠢ ᠲᠤᠬᠠᠶ ᠶᠢᠨ ᠲᠠᠯᠠᠪᠤᠷ ᠤᠨ | ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠮᠠᠨ ᠤ ᠬᠤᠰᠢᠭᠤᠨ ᠤ ᠨᠠᠰᠤᠲᠠᠶᠢᠴᠤᠳ ᠤᠨ | ᠥᠲᠡᠯᠦᠭᠡ ᠨᠠᠰᠤᠨ ᠳᠤ ᠪᠠᠨ ᠰᠤᠷᠤᠯᠴᠠᠯᠭ᠎ᠠ ᠲᠠᠢ᠂ ᠪᠠᠶᠠᠷ ᠪᠠᠶᠠᠰᠬᠤᠯᠠᠩ ᠲᠠᠢ ᠥᠩᠭᠡᠷᠡᠭᠦᠯᠦᠭᠰᠡᠨ ᠰᠠᠶᠢᠨ ᠰᠠᠶᠢᠬᠠᠨ | ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠨᠠᠰᠤᠲᠠᠶᠢᠴᠤᠳ ᠲᠤ ᠡᠶ᠎ᠡ ᠵᠣᠬᠢᠴᠠᠯ ᠲᠠᠢ | ᠬᠠᠯᠠᠭᠤᠨ ᠳᠤᠯᠠᠭᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ | | | |