7 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ | ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠰᠢᠭᠤᠨ ᠤ ᠤᠯᠠᠭᠠᠨᠮᠥ᠋ᠴᠢᠷ ᠠᠴᠠ ᠳᠠᠭᠠᠭᠠᠴᠢᠯᠠᠨ | ᠡᠷᠭᠢᠯᠡᠭᠰᠡᠨ ︽ᠬᠤᠶᠠᠷ ᠢ ᠬᠦᠷᠢᠶᠡᠯᠡᠵᠦ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠴᠡᠷᠢᠭ ᠠᠷᠠᠳ ᠤᠨ ᠵᠢᠭᠠᠰᠤ | ᠤᠰᠤᠨ ᠤ ᠬᠠᠷᠢᠴᠠᠭ᠎ᠠ ᠶᠢ ᠬᠠᠮᠲᠤ ᠪᠠᠷ ᠬᠦᠦᠷᠨᠢᠬᠦ︾ ᠬᠦᠷᠢᠶ᠎ᠡ ᠬᠤᠰᠢᠭᠤᠨ ᠤ 2024 ᠣᠨ ᠤ ︽ᠨᠠᠢᠮᠠᠨ | ᠰᠠᠷ᠎ᠠ ᠶᠢᠨ ᠨᠢᠭᠡᠨ︾ ᠤ ᠬᠤᠶᠠᠷ ᠢ ᠬᠦᠷᠢᠶᠡᠯᠡᠬᠦ ᠤᠷᠠᠨ ᠰᠠᠶᠢᠬᠠᠨ ᠤ ᠦᠳᠡᠰᠢᠯᠡᠭᠡ ᠬᠤᠰᠢᠭᠤᠨ ᠤ ᠰᠤᠷᠲᠠᠯ | ᠤᠬᠠᠭᠤᠯᠭ᠎ᠠ ᠰᠣᠶᠣᠯ ᠤᠨ ᠲᠥᠪ ᠤᠨ ᠣᠯᠠᠨ ᠴᠢᠳᠠᠮᠵᠢᠳᠤ ᠲᠢᠩᠬᠢᠮ ᠳᠤ ᠶᠠᠪᠤᠭᠳᠠᠪᠠ᠃ | ᠵᠧᠤ ᠯᠢᠶᠠᠩ ᠶᠤᠸᠠᠨ᠂ ᠵᠠᠩ ᠬᠠᠨ ᠰᠦᠩ᠂ ᠳ᠋ᠢᠩ ᠶᠢᠨ ᠵᠥᠩ᠂ ᠯᠢ ᠢᠦᠶ ᠹᠦ᠋᠂ ᠶᠠᠩ ᠵᠠᠨ ᠬᠠᠶ᠂ ᠵᠢᠢ | ᠱᠤᠸᠠᠩ ᠯᠢ ᠵᠡᠷᠭᠡ ᠬᠤᠰᠢᠭᠤᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠶ᠃ ᠪᠦᠬᠦ᠋ᠢᠯᠡ ᠦᠳᠡᠰᠢᠯᠡᠭᠡ ᠨᠢ | ᠬᠦᠷ ᠬᠦᠭᠵᠢᠶᠡᠨ ᠢᠶᠠᠷ ᠪᠢᠯᠬᠠᠵᠤ᠂ ᠴᠡᠷᠢᠭ ᠠᠷᠠᠳ ᠤᠨ ᠠᠭᠤᠰᠤᠯᠴᠠᠭᠰᠠᠨ ᠬᠦᠭᠵᠢᠯᠳᠡ ᠶᠢᠨ ᠭᠤᠤᠯ ᠬᠦᠭ | ᠠᠶᠠᠰ ᠢ ᠴᠢᠪᠬᠠᠳᠠᠨ᠂ ᠬᠦᠷᠢᠶ᠎ᠡ ᠤᠷᠤᠨ ᠤ ᠴᠡᠷᠢᠭ ᠠᠷᠠᠳ ᠪᠦᠯᠬᠦᠮᠳᠡᠭᠰᠡᠨ᠂ ᠴᠡᠷᠢᠭ ᠠᠷᠠᠳ ᠡᠶ᠎ᠡ ᠵᠤᠬᠢᠴᠠᠩᠭᠤᠢ | ᠰᠠᠶᠢᠨ ᠰᠠᠶᠢᠬᠠᠨ ᠠᠮᠢᠳᠤᠷᠠᠯ ᠢ ᠲᠤᠪᠤᠶᠢᠯᠭᠠᠵᠦ᠂ ᠦᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠠᠯᠪᠠᠨ | ᠴᠡᠷᠢᠭ ᠠᠴᠠ ᠬᠠᠯᠠᠭᠳᠠᠭᠰᠠᠨ ᠴᠤ ᠡᠷᠬᠢᠮ ᠳᠡᠭᠡᠳᠦ ᠵᠠᠩ ᠰᠤᠷᠲᠠᠯ ᠨᠢ ᠬᠤᠪᠢᠷᠠᠬᠤ ᠦᠭᠡᠢ᠂ ᠡᠭᠦᠷᠢᠳᠡ ᠨᠠᠮ ᠤᠨ | ᠦᠭᠡ ᠶᠢ ᠰᠤᠨᠤᠰᠴᠤ ᠨᠠᠮ ᠢᠶᠠᠨ ᠲᠠᠭᠠᠬᠤ ᠡᠷᠡᠰ ᠪᠠᠳᠤ ᠢᠳᠡᠭᠡᠯ ᠵᠤᠷᠢᠭ ᠢ ᠢᠯᠡᠷᠡᠭᠦᠯᠵᠦ᠂ ᠬᠦᠷᠢᠶ᠎ᠡ ᠬᠤᠰᠢᠭᠤᠨ ᠤ | ᠠᠷᠠᠳ ᠲᠦᠮᠡᠨ ᠤ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠴᠤᠭ ᠵᠢᠪᠬᠤᠭ᠎ᠠ ᠶᠢ ᠬᠠᠷᠠᠭᠤᠯᠵᠤ᠂ | ᠴᠡᠷᠢᠭ ᠠᠷᠠᠳ ᠤᠨ ᠬᠦᠴᠦᠨ ᠴᠢᠳᠠᠯ᠂ ᠤᠯᠤᠰ ᠢᠶᠠᠨ ᠪᠠᠶᠠᠵᠢᠭᠤᠯᠤᠨ ᠴᠡᠷᠢᠭ ᠢᠶᠠᠨ ᠬᠦᠴᠦᠷᠬᠡᠭᠵᠢᠭᠦᠯᠬᠦ ᠡᠶ᠎ᠡ | ᠵᠤᠬᠢᠴᠠᠩᠭᠤᠢ ᠰᠢᠨ᠎ᠡ ᠬᠠᠭᠤᠳᠠᠰᠤ ᠶᠢ ᠵᠢᠷᠤᠭᠯᠠᠪᠠ᠃ | | | |