ᠬᠦᠷᠢᠶ᠎ᠡ ᠬᠤᠰᠢᠭᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠬᠦ ᠲᠤᠬᠠᠶ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/8/1
                    ᠬᠦᠷᠢᠶ᠎ᠡ ᠵᠠᠰᠠᠭ ᠥᠰᠥᠭ ︹202024︺ 151 ᠳ᠋ᠤᠭᠡᠷ ᠲᠣᠭᠠᠲᠤᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠠᠭᠤᠭᠠᠯᠢ ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠰᠢᠭᠤᠨ ᠤ ᠰᠢᠭᠤᠳ ᠬᠠᠷᠢᠶ᠎ᠠ ᠵᠢᠴᠢ ᠬᠦᠷᠢᠶ᠎ᠡ ᠳᠤ ᠰᠠᠭᠤᠭ᠎ᠠ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠨᠢᠭᠡᠴᠢ ᠳᠤ᠄    ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2022︺ 2 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2023 ᠣᠨ ᠤ ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 83 ᠳ᠋ᠤᠭᠠᠷ ᠲᠣᠭᠠᠲᠤ︶ ᠪᠠ ︽ᠲᠦᠩᠯᠢᠶᠣᠤ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠬᠦ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠲᠥᠩᠯᠢᠶᠤᠤ ᠵᠠᠰᠠᠭ ᠲᠠᠷᠬᠠᠭᠠᠭᠰᠠᠨ ﹇2024﹈ 67 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠦᠭᠡ᠂ ᠲᠦᠩᠯᠢᠶᠣᠤ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠨᠤᠲᠠᠯᠠᠵᠤ᠂ ︽ᠬᠦᠷᠢᠶ᠎ᠡ ᠬᠤᠰᠢᠭᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023︶ ᠶᠢᠨ ᠣᠨ ᠤ ᠬᠡᠪᠯᠡᠯ︾ ᠢ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠵᠠᠰᠠᠭ ᠤᠨ ᠣᠷᠳᠣᠨ ᠤ 2024 ᠣᠨ ᠤ 49 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠬᠡᠷᠡᠭᠵᠢᠭᠦᠯᠬᠦ ᠶᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠴᠢᠩᠭ᠎ᠠ ᠭᠦᠢᠴᠡᠳᠬᠡᠵᠦ᠂ ᠨᠠᠷᠢᠨ ᠳᠠᠩᠰᠠᠨ ᠠᠴᠠ ᠭᠠᠳᠠᠨ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ᠃    ᠬᠤᠶᠠᠷ᠂ ᠬᠤᠰᠢᠭᠤᠨ ᠤ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠰᠢᠰᠲ᠋ᠧᠮ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠦᠨᠡᠨ ᠬᠦ ᠰᠠᠶᠢᠲᠤᠷ ᠬᠢᠵᠦ᠂ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ  ᠵᠦᠢᠯᠡᠰ ᠢ ᠬᠡᠷᠡᠭᠵᠢᠭᠦᠯᠬᠦ ᠵᠢᠷᠤᠮᠵᠢᠯ ᠪᠠ ᠶᠠᠪᠤᠳᠠᠯ ᠭᠦᠢᠴᠡᠳᠭᠡᠬᠦ ᠵᠦᠭᠯᠡᠭᠦᠷ ᠢ ᠴᠠᠭ ᠲᠤᠬᠠᠶ ᠳᠤᠨᠢ ᠰᠢᠨᠡᠳᠬᠡᠨ ᠲᠡᠭᠦᠯᠳᠡᠷᠵᠢᠭᠦᠯᠬᠦ ᠬᠡᠷᠡᠭᠲᠡᠢ᠃     ᠡᠭᠦᠨ ᠤ ᠲᠤᠯᠠ ᠮᠡᠳᠡᠭᠳᠡᠪᠡ   ᠳᠠᠭᠠᠯᠳᠤᠭᠤᠯᠤᠯ᠄ ᠬᠦᠷᠢᠶ᠎ᠡ ᠬᠤᠰᠢᠭᠤᠨ ᠤ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2023 ᠣᠨ ᠤ ᠬᠡᠪᠯᠡᠯ︶᠂ xls                                                2024 ᠣᠨ ᠤ 7 ᠰᠠᠷ᠎ᠠ ᠶᠢᠨ 31 ᠤ ᠡᠳᠦᠷ
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号