ᠠᠮᠢᠳᠤᠯᠢᠭ ᠢᠶᠠᠷ ᠠᠵᠢᠯ ᠣᠯᠤᠭᠰᠠᠳ ᠢ ᠬᠥᠳᠡᠯᠮᠦᠷᠢ ᠶᠢᠨ ᠴᠢᠳᠠᠪᠤᠷᠢ ᠶᠢᠨ ᠰᠢᠯᠭᠠᠨ ᠲᠣᠭᠲᠠᠭᠠᠬᠤ ᠬᠡᠪᠴᠢᠶᠡᠨ ᠳᠤ ᠣᠷᠣᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/10
    ᠳᠡᠭᠡᠳᠦ ᠱᠠᠲᠤᠨ ᠤ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦᠯᠢ 15 ᠵᠢᠯ ᠵᠢᠴᠢ ᠲᠡᠭᠦᠨ ᠠᠴᠠ ᠳᠡᠭᠡᠭᠰᠢ ᠲᠤᠰᠢᠶᠠᠭᠰᠠᠨ ᠠᠮᠢᠳᠤᠯᠢᠭ ᠢᠶᠠᠷ ᠠᠵᠢᠯ ᠣᠯᠵᠤ ᠰᠦᠢᠳᠬᠡᠯ ᠲᠤᠰᠢᠶᠠᠭᠰᠠᠨ ᠬᠥᠮᠦᠰ ᠢ ᠬᠦᠳᠡᠯᠮᠦᠷᠢ ᠶᠢᠨ ᠴᠢᠳᠠᠪᠤᠷᠢ ᠶᠢ ᠰᠢᠯᠭᠠᠨ ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠬᠡᠷᠪᠡ ᠰᠢᠯᠭᠠᠨ ᠲᠣᠭᠲᠠᠭᠠᠭᠰᠠᠨ ᠳ᠋ᠦᠩ ᠨᠢ ᠬᠦᠳᠡᠯᠮᠦᠷᠢ ᠶᠢᠨ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠᠶᠢᠪᠠᠯ᠂ ᠡᠪᠡᠳᠴᠢᠲᠡᠢ ᠵᠡᠮᠳᠡᠭ ᠤᠨ ᠨᠡᠮᠡᠭᠦᠷᠢ ᠠᠪᠴᠤ ᠪᠣᠯᠣᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠨᠡᠷ᠎ᠡ ᠮᠡᠳᠡᠭᠦᠯᠬᠦ ᠴᠠᠭ    2024 ᠣᠨ ᠤ 8 ᠰᠠᠷ᠎ᠠ ᠶᠢᠨ 9 ᠤ ᠡᠳᠦᠷ ᠠᠴᠠ 2024 ᠣᠨ ᠤ 8 ᠰᠠᠷ᠎ᠠ ᠶᠢᠨ 23 ᠤ ᠡᠳᠦᠷ    ᠬᠤᠶᠠᠷ᠂ ᠡᠪᠡᠳᠴᠢᠲᠡᠢ ᠵᠡᠮᠳᠡᠭ ᠨᠡᠮᠡᠭᠦᠷᠢ ᠮᠥᠩᠭᠦ ᠭᠤᠶᠤᠴᠢᠯᠠᠬᠤ ᠳᠤ ᠬᠡᠷᠡᠭᠰᠡᠬᠦ ᠮᠠᠲ᠋ᠧᠷᠢᠶᠠᠯ    1. ᠬᠤᠪᠢ ᠬᠥᠮᠥᠨ ᠤ ᠭᠤᠶᠤᠴᠢᠯᠠᠯ ᠤᠨ ᠪᠢᠴᠢᠭ 2 ᠬᠤᠪᠢ︔    2. ᠬᠤᠪᠢ ᠬᠦᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠦᠷᠢ ︵ᠵᠥᠪ ᠪᠤᠷᠤᠭᠤ ᠬᠤᠶᠠᠷ ᠲᠠᠯ᠎ᠠ︶ ᠨᠢᠭᠡ ᠬᠤᠪᠢ ︵ᠵᠥᠪ ᠪᠤᠷᠤᠭᠤ ᠬᠤᠶᠠᠷ ᠲᠠᠯ᠎ᠠ ᠶᠢ ᠨᠢ ᠨᠢᠭᠡ ᠬᠠᠭᠤᠳᠠᠰᠤ ᠴᠠᠭᠠᠰᠤᠨ ᠳᠡᠭᠡᠷ᠎ᠡ ᠳᠠᠷᠤᠮᠠᠯᠯᠠᠬᠤ︶︔    3. ᠣᠶᠢᠷ᠎ᠠ ᠶᠢᠨ ᠬᠤᠭᠤᠴᠠᠭᠠᠨ ᠤ ᠨᠢᠭᠡ ᠢᠮᠠᠬᠤ ᠶᠢᠨ ᠮᠠᠯᠠᠭᠠᠢ ᠦᠭᠡᠢ ᠬᠥᠬᠡ ᠳᠡᠪᠢᠰᠭᠡᠷᠲᠦ ᠪᠣᠲᠤᠭᠲᠤ ᠰᠡᠭᠦᠳᠡᠷ ᠬᠤᠶᠠᠷ ᠬᠠᠭᠤᠳᠠᠰᠤ︔    4. ᠨᠠᠰᠤᠵᠢᠯ ᠤᠨ ᠳᠠᠭᠠᠳᠬᠠᠯ ᠤᠨ ᠭᠠᠷ ᠳᠡᠪᠲᠡᠷ︔    5. ᠲᠤᠰ ᠬᠥᠮᠥᠨ ᠨᠢ ᠰᠢᠶᠠᠨ ᠤ ᠱᠠᠲᠤᠨ ᠠᠴᠠ ᠳᠡᠭᠡᠭᠰᠢᠬᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠵᠤ ᠡᠮᠨᠡᠨ ᠵᠠᠰᠠᠭᠰᠠᠨ ᠪᠦᠷᠢᠨ ᠪᠦᠲᠦᠨ ᠡᠪᠡᠳᠴᠢᠨ ᠤ ᠵᠢᠱᠢᠶ᠎ᠡ ᠶᠢᠨ ᠮᠠᠲ᠋ᠧᠷᠢᠶᠠᠯ ᠪᠠ ᠣᠨᠣᠰᠢᠯᠠᠭᠰᠠᠨ ᠪᠢᠴᠢᠭ ᠲᠤ ᠡᠮᠨᠡᠯᠭᠡ ᠶᠢᠨ ᠬᠤᠷᠢᠶᠠᠨ ᠤ ᠠᠯᠪᠠᠨ ᠲᠠᠮᠠᠭ᠎ᠠ ᠪᠠ ᠣᠶᠤᠳᠠᠯ ᠤᠨ ᠲᠠᠮᠠᠭ᠎ᠠ ᠶᠢ ᠨᠡᠮᠡᠵᠦ ᠳᠠᠷᠤᠬᠤ ᠶᠢᠨ ᠬᠠᠮᠲᠤ ᠡᠮᠨᠡᠯᠭᠡ ᠳᠤ ᠰᠠᠭᠤᠭᠰᠠᠨ ᠵᠠᠷᠤᠳᠠᠯ ᠢ ᠳ᠋ᠦᠩᠨᠡᠨ ᠪᠣᠳᠤᠭᠰᠠᠨ ᠬᠠᠭᠤᠳᠠᠰᠤ ᠶᠢ ᠬᠠᠩᠭᠠᠨ᠎ᠠ᠃ ︵ᠤᠨᠠᠳᠠᠭ ᠡᠪᠡᠳᠴᠢᠲᠡᠢ ᠡᠪᠡᠳᠴᠢᠲᠡᠨ᠂ ᠤᠳᠠᠭᠠᠨ ᠴᠢᠨᠠᠷᠲᠠᠢ ᠡᠷᠬᠡᠲᠡᠨ ᠤ ᠴᠢᠨᠠᠷᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ 2 ᠵᠢᠯ ᠠᠴᠠ ᠳᠡᠭᠡᠭᠰᠢ ᠰᠢᠰᠲ᠋ᠧᠮ ᠲᠠᠢ ᠪᠠᠷ ᠡᠮᠨᠡᠨ ᠵᠠᠰᠠᠭᠰᠠᠨ ᠡᠪᠡᠳᠴᠢᠨ ᠤ ᠵᠢᠱᠢᠶ᠎ᠡ ᠶᠢᠨ ᠮᠠᠲ᠋ᠧᠷᠢᠶᠠᠯ ᠢ ᠬᠠᠩᠭᠠᠵᠤ᠂ ᠪᠤᠰᠤᠳ ᠣᠶᠤᠨ ᠮᠡᠳᠡᠷᠡᠯ ᠤᠨ ᠲᠥᠷᠥᠯ ᠤᠨ ᠡᠪᠡᠳᠴᠢᠲᠡᠨ ᠨᠠᠭᠠᠳᠤ ᠵᠠᠬ᠎ᠠ ᠳᠠᠭᠠᠨ 5 ᠵᠢᠯ ᠤᠨ ᠰᠢᠰᠲ᠋ᠧᠮ ᠲᠠᠢ ᠪᠠᠷ ᠡᠮᠨᠡᠨ ᠵᠠᠰᠠᠭᠰᠠᠨ ᠡᠪᠡᠳᠴᠢᠨ ᠤ ᠵᠢᠱᠢᠶ᠎ᠡ ᠶᠢᠨ ᠮᠠᠲ᠋ᠧᠷᠢᠶᠠᠯ ᠢ ᠬᠠᠩᠭᠠᠬᠤ ᠬᠡᠷᠡᠭᠲᠡᠢ︶᠂ ᠵᠢᠷᠦᠬᠡᠨ ᠤ ᠳᠣᠲᠣᠷ ᠰᠠᠯᠠᠭ᠎ᠠ᠂ ᠮᠡᠳᠡᠷᠡᠯ ᠤᠨ ᠰᠠᠯᠠᠭ᠎ᠠ ᠠᠴᠠ ᠭᠠᠳᠠᠨ᠎ᠠ᠂ ᠪᠤᠰᠤᠳ ᠰᠠᠯᠠᠭᠠᠨ ᠳᠤ ᠰᠢᠯᠭᠠᠨ ᠲᠤᠭᠲᠠᠭᠠᠯᠲᠠ ᠬᠢᠯᠭᠡᠬᠦ ᠪᠠᠷ ᠭᠤᠶᠤᠴᠢᠯᠠᠬᠤ ᠬᠦᠮᠦᠰ ᠬᠠᠷᠢᠶ᠎ᠠ ᠰᠠᠯᠠᠭ᠎ᠠ ᠶᠢᠨ ᠢᠶᠠᠨ ᠣᠶᠢᠷ᠎ᠠ ᠶᠢᠨ ᠬᠤᠭᠤᠴᠠᠭᠠᠨ ᠤ ᠳᠠᠭᠠᠯᠲᠠ ᠪᠠᠶᠢᠴᠠᠭᠠᠯᠲᠠ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠬᠠᠭᠤᠳᠠᠰᠤ ᠶᠢ ᠬᠠᠩᠭᠠᠬᠤ ᠬᠡᠷᠡᠭᠲᠡᠢ᠃    ᠭᠤᠷᠪᠠ᠂ ᠮᠡᠳᠡᠭᠦᠯᠬᠦ ᠬᠠᠶ᠋ᠢᠭ    ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠳᠠᠭᠠᠳᠭᠠᠯ ᠠᠰᠠᠷᠠᠮᠵᠢ ᠶᠢᠨ ᠲᠠᠰᠤᠭ    ᠳᠥᠷᠪᠡ᠂ ᠠᠰᠠᠭᠤᠨ ᠯᠠᠪᠯᠠᠬᠤ ᠤᠲᠠᠰᠤ    0475-4777508                              ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ                          ᠨᠡᠶᠢᠭᠡᠮ      ᠤᠨ      ᠪᠠᠲᠤᠯᠠᠭ᠎ᠠ      ᠶᠢᠨ      ᠲᠣᠪᠴᠢᠶ᠎ᠠ                                         2024 ᠣᠨ ᠤ 8 ᠰᠠᠷ᠎ᠠ ᠶᠢᠨ 9 ᠤ ᠡᠳᠦᠷ
 
ᠢᠷᠡᠯᠲᠡ᠄ ᠬᠦᠷᠢᠶ᠎ᠡ ᠬᠤᠰᠢᠭᠤᠨ ᠤ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号