ᠶᠠᠩ ᠯᠢ ᠸᠧᠶ ᠬᠡᠰᠡᠭ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/12
    8 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠯᠢ ᠸᠧᠶ ᠤᠷᠢᠳ ᠬᠤᠵᠢᠳ ᠬᠦᠷᠢᠶ᠎ᠡ ᠪᠠᠯᠭᠠᠰᠤ᠂ ᠡᠯᠡᠰᠦᠨ ᠪᠠᠯᠭᠠᠰᠤ᠂ ᠯᠢᠦ ᠵᠢᠶᠠᠽᠢ ᠪᠠᠯᠭᠠᠰᠤ᠂ ᠰᠢᠶᠠᠨᠵᠢᠨ ᠰᠤᠮᠤ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠡᠯ᠎ᠡ ᠭᠠᠵᠠᠷ ᠤᠨ ᠦᠶᠡᠷ ᠢ ᠰᠡᠷᠭᠡᠶᠢᠯᠡᠬᠦ ᠪᠡᠯᠡᠳᠬᠡᠯ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ᠂ ᠠᠶᠤᠯᠲᠠᠶ ᠭᠤᠣᠯ ᠤᠨ ᠬᠡᠰᠡᠭ ᠪᠠ ᠵᠠᠮ ᠤᠨ ᠬᠡᠰᠡᠭ᠂ ᠭᠤᠤᠯᠳᠠᠯᠭ᠎ᠠ ᠲᠠᠢ ᠭᠤᠤ ᠰᠤᠪᠠᠭ ᠤᠨ ᠤᠰᠤ ᠵᠠᠯᠠᠬᠤ ᠲᠥᠬᠦᠭᠡᠷᠦᠮᠵᠢ ᠵᠢᠴᠢ ᠬᠤᠲᠣᠭᠤᠷ ᠭᠠᠵᠠᠷ ᠲᠤ ᠰᠠᠭᠤᠭ᠎ᠠ ᠡᠷᠦᠬᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠰᠤᠨ ᠴᠥᠭᠦᠷᠥᠮ ᠤᠨ ᠦᠶᠡᠷ ᠤᠨ ᠬᠢᠵᠠᠭᠠᠷ ᠤᠰᠤᠨ ᠲᠦᠪᠰᠢᠨ᠂ ᠣᠳᠣᠬᠠᠨ ᠤ ᠤᠰᠤᠨ ᠲᠦᠪᠰᠢᠨ᠂ ᠴᠥᠭᠦᠷᠥᠮ ᠤᠨ ᠪᠠᠭᠲᠠᠭᠠᠮᠵᠢ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠦᠶᠡᠷ ᠢ ᠰᠡᠷᠭᠡᠶᠢᠯᠡᠵᠦ ᠦᠶᠡᠷ ᠢ ᠥᠩᠭᠡᠷᠡᠭᠦᠯᠬᠦ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号