1. ︽ᠬᠤᠷᠰᠢᠭᠰᠠᠨ ᠠᠵᠤ ᠠᠬᠤᠢ ᠳᠠᠩᠰᠠᠯᠠᠭᠤᠯᠬᠤ ᠭᠤᠶᠤᠴᠢᠯᠠᠯ ᠤᠨ ᠪᠢᠴᠢᠭ︾ | 2᠂ ᠬᠤᠷᠰᠢᠭᠴᠢᠳ ᠤᠨ ᠭᠠᠷ ᠤᠨ ᠦᠰᠦᠭ ᠵᠢᠷᠤᠭᠰᠠᠨ ᠬᠤᠷᠰᠢᠬᠤ ᠬᠡᠯᠡᠯᠴᠡᠭᠡᠷ᠃ | 3. ᠬᠤᠷᠰᠢᠭᠴᠢᠳ ᠤᠨ ᠪᠡᠶᠡᠴᠢ ᠴᠣᠭᠴᠠ ᠶᠢᠨ ᠬᠢᠷᠢ ᠬᠡᠮ ᠤᠨ ᠪᠢᠴᠢᠭ ᠮᠠᠲ᠋ᠧᠷᠢᠶᠠᠯ ᠪᠤᠶᠤ ᠪᠠᠶᠢᠭᠠᠯᠢ | ᠬᠦᠮᠦᠨ ᠤ ᠪᠡᠶ᠎ᠡ ᠶᠢᠨ ᠦᠨᠡᠮᠯᠡᠯ᠂ ᠬᠤᠷᠰᠢᠭᠴᠢᠳ ᠶᠢᠨ ᠣᠷᠣᠨ ᠰᠠᠭᠤᠴᠠ ᠶᠢᠨ ᠭᠡᠷᠡᠴᠢ᠃ | ◆ ᠬᠤᠷᠰᠢᠭᠴᠢ ᠨᠢ ᠠᠵᠤ ᠠᠬᠤᠶᠢᠯᠠᠯ ᠪᠣᠯ᠂ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | | ◆ ᠬᠤᠷᠰᠢᠭᠴᠢ ᠨᠢ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠪᠣᠯ᠂ ᠠᠵᠢᠯ ᠦᠢᠯᠡᠰ ᠤᠨ | ᠨᠢᠭᠡᠴᠡ ᠶᠢᠨ ᠬᠠᠤᠯᠢ ᠶᠢᠨ ᠡᠷᠬᠡᠲᠡᠨ ᠤ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠬᠤᠷᠰᠢᠭᠴᠢ ᠨᠢ ᠣᠯᠠᠨ ᠨᠡᠶᠢᠲᠡ ᠶᠢᠨ ᠪᠠᠶᠢᠭᠤᠯᠭ᠎ᠠ ᠶᠢᠨ ᠬᠠᠤᠯᠢ ᠶᠢᠨ ᠡᠷᠬᠡᠲᠡᠨ ᠪᠣᠯ᠂ ᠣᠯᠠᠨ ᠨᠡᠶᠢᠲᠡ ᠶᠢᠨ | ᠪᠠᠶᠢᠭᠤᠯᠭ᠎ᠠ ᠶᠢᠨ ᠬᠠᠤᠯᠢ ᠶᠢᠨ ᠡᠷᠬᠡᠲᠡᠨ ᠤ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠬᠤᠷᠰᠢᠭᠴᠢ ᠨᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠪᠣᠯ᠂ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠪᠠᠨ | ᠲᠤᠰᠢᠶᠠᠨ᠎ᠠ᠃ | ◆ ᠬᠤᠷᠰᠢᠭᠴᠢ ᠨᠢ ᠪᠠᠶᠢᠭᠠᠯᠢ ᠬᠥᠮᠥᠨ ᠪᠣᠯ᠂ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ᠃ | ◆ ᠭᠠᠳᠠᠭᠠᠳᠤ ᠤᠯᠤᠰ ᠤᠨ ᠲᠠᠯ᠎ᠠ ᠶᠢᠨ ᠬᠤᠷᠰᠢᠭᠴᠢ ᠶᠢᠨ ᠭᠤᠣᠯ ᠴᠣᠭᠴᠠ ᠶᠢᠨ ᠬᠢᠷᠢ ᠭᠡᠮ ᠤᠨ ᠪᠢᠴᠢᠭ | ᠮᠠᠲ᠋ᠧᠷᠢᠶᠠᠯ ᠪᠤᠶᠤ ᠪᠡᠶ᠎ᠡ ᠶᠢᠨ ᠭᠡᠷᠡᠴᠢ ᠦᠨᠡᠮᠯᠡᠯ ᠢ ᠲᠤᠰ ᠤᠯᠤᠰ ᠤᠨ ᠬᠢᠨ ᠠᠯᠪᠠᠨ ᠭᠡᠷᠡᠴᠢᠯᠡᠭᠡ ᠶᠢᠨ | ᠪᠠᠶᠢᠭᠤᠯᠭ᠎ᠠ ᠳᠤ ᠠᠯᠪᠠᠨ ᠭᠡᠷᠡᠴᠢᠯᠡᠭᠡ ᠬᠢᠬᠦ ᠬᠡᠷᠡᠭᠲᠡᠢ ᠮᠥᠷᠲᠡᠭᠡᠨ ᠲᠤᠰ ᠤᠯᠤᠰ ᠲᠤ ᠰᠠᠭᠤᠭ᠎ᠠ ᠳᠤᠮᠳᠠᠳᠤ | ᠤᠯᠤᠰ ᠤᠨ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ ᠭᠠᠵᠠᠷ︶ ᠢᠶᠠᠷ ᠭᠡᠷᠡᠴᠢᠯᠡᠭᠦᠯᠬᠦ ᠬᠡᠷᠡᠭᠲᠡᠢ᠃ ᠬᠡᠷᠪᠡ | ᠲᠡᠭᠦᠨ ᠤ ᠲᠤᠰ ᠤᠯᠤᠰ ᠪᠣᠯᠤᠨ ᠳᠤᠮᠳᠠᠳᠤ ᠤᠯᠤᠰ ᠭᠠᠳᠠᠭᠠᠳᠤ ᠬᠠᠷᠢᠯᠴᠠᠭ᠎ᠠ ᠦᠭᠡᠶ ᠪᠣᠯ᠂ ᠳᠤᠮᠳᠠᠳᠤ | ᠤᠯᠤᠰ ᠯᠤᠭ᠎ᠠ ᠭᠠᠳᠠᠭᠠᠳᠤ ᠬᠠᠷᠢᠯᠴᠠᠭᠠᠨ ᠤ ᠬᠠᠷᠢᠴᠠᠭ᠎ᠠ ᠲᠠᠢ ᠭᠤᠷᠪᠠᠳᠤᠭᠠᠷ ᠤᠯᠤᠰ ᠤᠨ ᠲᠤᠰ ᠤᠯᠤᠰ ᠲᠤ | ᠰᠠᠭᠤᠭ᠎ᠠ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ ᠭᠠᠵᠠᠷ︶ ᠢᠶᠠᠷ ᠭᠡᠷᠡᠴᠢᠯᠡᠭᠦᠯᠵᠦ᠂ ᠳᠠᠬᠢᠨ ᠲᠣᠰ | ᠭᠤᠷᠪᠠᠳᠤᠭᠠᠷ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ | ᠭᠠᠵᠠᠷ︶ ᠢᠶᠠᠷ ᠭᠡᠷᠡᠴᠢᠯᠡᠭᠦᠯᠬᠦ ᠬᠡᠷᠡᠭᠲᠡᠢ᠃ ᠵᠠᠷᠢᠮ ᠤᠯᠤᠰ ᠤᠨ ᠭᠠᠳᠠᠭᠠᠳᠤ ᠳᠠᠬᠢ ᠬᠠᠷᠢᠶ᠎ᠠ ᠭᠠᠵᠠᠷ ᠤᠨ ᠬᠢᠵᠦ | ᠥᠭᠭᠦᠭᠰᠡᠨ ᠪᠢᠴᠢᠭ ᠬᠠᠷ᠎ᠠ ᠶᠢ ᠤᠷᠢᠳᠠᠪᠠᠷ ᠲᠤᠰ ᠬᠠᠷᠢᠶ᠎ᠠ ᠭᠠᠵᠠᠷ ᠲᠤᠨᠢ ᠠᠯᠪᠠᠨ ᠭᠡᠷᠡᠴᠢᠯᠡᠭᠡ ᠬᠢᠵᠦ᠂ ᠳᠠᠬᠢᠨ | ᠲᠤᠰ ᠤᠯᠤᠰ ᠤᠨ ᠭᠠᠳᠠᠭᠠᠳᠤ ᠬᠠᠷᠢᠯᠴᠠᠭᠠᠨ ᠤ ᠪᠠᠶᠢᠭᠤᠯᠤᠮᠵᠢ ᠪᠠᠷ ᠭᠡᠷᠡᠴᠢᠯᠡᠭᠦᠯᠵᠦ᠂ ᠬᠠᠮᠤᠭ ᠤᠨ ᠰᠡᠭᠦᠯ ᠳᠤ | ᠲᠤᠰ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ ᠭᠠᠵᠠᠷ︶ ᠢᠶᠠᠷ | ᠭᠡᠷᠡᠴᠢᠯᠡᠭᠦᠯᠬᠦ ᠬᠡᠷᠡᠭᠲᠡᠢ᠃ ᠳᠤᠮᠳᠠᠳᠤ ᠤᠯᠤᠰ ᠪᠣᠯᠣᠨ ᠬᠤᠯᠪᠣᠭᠳᠠᠯ ᠪᠦᠬᠦᠢ ᠤᠯᠤᠰ ᠲᠠᠢ ᠪᠠᠶᠢᠭᠤᠯᠤᠭᠰᠠᠨ ᠪᠤᠶᠤ | ᠬᠠᠮᠲᠤ ᠪᠠᠷ ᠣᠷᠣᠯᠴᠠᠭᠰᠠᠨ ᠣᠯᠠᠨ ᠤᠯᠤᠰ ᠤᠨ ᠭᠡᠷ᠎ᠡ ᠳᠤ ᠥᠭᠡᠷ᠎ᠡ ᠲᠣᠭᠲᠠᠭᠠᠯ ᠲᠠᠢ ᠪᠣᠯ ᠡᠭᠦᠨ ᠳᠤ ᠪᠠᠭᠲᠠᠬᠤ | ᠦᠭᠡᠢ᠃ ᠭᠠᠳᠠᠭᠠᠳᠤ ᠤᠯᠤᠰ ᠤᠨ ᠪᠠᠶᠢᠭᠠᠯᠢ ᠬᠥᠮᠦᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠠᠵᠤ | ᠠᠬᠤᠶᠢᠯᠠᠯ ᠪᠠᠶᠢᠭᠤᠯᠬᠤ ᠪᠠᠷ ᠲᠤᠰᠢᠶᠠᠭᠰᠠᠨ ᠪᠡᠶ᠎ᠡ ᠶᠢᠨ ᠭᠡᠷᠡᠴᠢ ᠶᠢᠨ ᠪᠢᠴᠢᠭ ᠮᠠᠲ᠋ᠧᠷᠢᠶᠠᠯ ᠨᠢ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠥᠮᠦᠨ ᠥᠨᠢ ᠡᠭᠦᠷᠢᠳᠡ ᠣᠷᠣᠰᠢᠨ ᠰᠠᠭᠤᠬᠤ ᠪᠡᠶ᠎ᠡ ᠶᠢᠨ | ᠦᠨᠡᠮᠯᠡᠯ ᠪᠠᠶᠢᠪᠠᠯ᠂ ᠠᠯᠪᠠᠨ ᠭᠡᠷᠡᠴᠢᠯᠡᠭᠡ ᠬᠢᠬᠦ ᠪᠤᠶᠤ ᠭᠡᠷᠡᠴᠢᠯᠡᠭᠦᠯᠬᠦ ᠴᠢᠬᠤᠯᠠ ᠦᠭᠡᠢ᠃ | ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ᠂ ᠣᠤᠮᠧᠨ ᠤ ᠵᠠᠰᠠᠭ ᠵᠠᠬᠢᠷᠭᠠᠨ ᠤ ᠣᠨᠴᠠᠭᠠᠢ ᠣᠷᠣᠨ | ᠪᠣᠯᠤᠨ ᠲᠠᠶᠢᠸᠠᠨ ᠣᠷᠣᠨ ᠤ ᠪᠡᠯᠡ ᠣᠷᠣᠭᠤᠯᠤᠭᠴᠢ ᠶᠢᠨ ᠭᠤᠤᠯ ᠴᠣᠭᠴᠠ ᠶᠢᠨ ᠬᠢᠷᠢ ᠭᠡᠮ ᠤᠨ ᠪᠢᠴᠢᠭ ᠮᠠᠲ᠋ᠧᠷᠢᠶᠠᠯ | ᠪᠤᠶᠤ ᠪᠡᠶ᠎ᠡ ᠶᠢᠨ ᠭᠡᠷᠡᠴᠢ ᠶᠢ ᠲᠤᠰᠬᠠᠶ ᠵᠦᠢᠯ ᠤᠨ ᠲᠣᠭᠲᠠᠭᠠᠯ ᠪᠤᠶᠤ ᠵᠥᠪᠳᠡᠯᠴᠡᠬᠡᠷ ᠤᠨ ᠶᠣᠰᠣᠭᠠᠷ ᠲᠤᠬᠠᠶ ᠶᠢᠨ | ᠭᠠᠵᠠᠷ ᠤᠨ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠪᠠᠷ ᠭᠡᠷᠡᠴᠢᠯᠡᠭᠦᠯᠦᠭᠰᠡᠨ ᠪᠢᠴᠢᠭ ᠮᠠᠲ᠋ᠧᠷᠢᠶᠠᠯ ᠢᠶᠠᠨ ᠬᠠᠤᠯᠢ | ᠶᠣᠰᠣᠭᠠᠷ ᠬᠠᠩᠭᠠᠬᠤ ᠬᠡᠷᠡᠭᠲᠡᠶ᠃ ᠰᠢᠶᠠᠩᠭᠠᠩ ᠣᠣᠮᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ | ᠲᠤᠰᠢᠶᠠᠬᠤ ᠪᠤᠶᠤ ᠳᠣᠲᠣᠷ ᠭᠠᠵᠠᠷ ᠲᠤ ᠨᠡᠪᠲᠡᠷᠡᠬᠦ ᠦᠨᠡᠮᠯᠡᠯ ᠢ ᠲᠤᠰᠢᠶᠠᠭᠰᠠᠨ ᠪᠠᠶᠢᠪᠠᠯ ᠠᠯᠪᠠᠨ ᠭᠡᠷᠡᠴᠢᠯᠡᠭᠡ ᠬᠢᠬᠦ | ᠪᠤᠶᠤ ᠭᠡᠷᠡᠴᠢᠯᠡᠭᠦᠯᠬᠦ ᠴᠢᠬᠤᠯᠠ ᠦᠭᠡᠢ᠃ ᠳᠣᠲᠣᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠠᠴᠠ ᠣᠯᠭᠤᠭᠰᠠᠨ ᠲᠠᠶᠢᠸᠠᠨ ᠤ ᠰᠠᠭᠤᠭᠠᠯᠢ ᠠᠷᠠᠳ ᠤᠨ ᠤᠷᠤᠰᠢᠨ ᠰᠠᠭᠤᠬᠤ ᠦᠨᠡᠮᠯᠡᠯ᠂ ᠳᠣᠲᠣᠷ | ᠭᠠᠵᠠᠷ ᠤᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠲᠠᠶᠢᠸᠠᠨ ᠤ | ᠰᠠᠭᠤᠭᠠᠯᠢ ᠠᠷᠠᠳ ᠳᠣᠲᠣᠷ ᠭᠠᠵᠠᠷ ᠲᠤ ᠢᠷᠡᠵᠦ ᠶᠠᠪᠤᠬᠤ ᠦᠨᠡᠮᠯᠡᠯ ᠢ ᠲᠠᠶᠢᠸᠠᠨ ᠣᠷᠣᠨ ᠤ ᠪᠠᠶᠢᠭᠠᠯᠢ ᠬᠥᠮᠦᠨ ᠤ | ᠪᠡᠯᠡ ᠣᠷᠣᠭᠤᠯᠤᠭᠴᠢ ᠶᠢᠨ ᠪᠡᠶ᠎ᠡ ᠶᠢᠨ ᠭᠡᠷᠡᠴᠢ ᠪᠣᠯᠭᠠᠵᠤ ᠪᠣᠯᠬᠤ ᠪᠥᠭᠡᠳ ᠠᠯᠪᠠᠨ ᠭᠡᠷᠡᠴᠢᠯᠡᠭᠡ ᠬᠢᠬᠦ ᠪᠤᠶᠤ | ᠭᠡᠷᠡᠴᠢᠯᠡᠭᠦᠯᠬᠦ ᠴᠢᠬᠤᠯᠠ ᠦᠭᠡᠢ᠃ | ◆ ᠬᠤᠷᠰᠢᠭᠴᠢ ᠨᠢ ᠪᠤᠰᠤᠳ ᠲᠥᠷᠥᠯ ᠵᠦᠢᠯ ᠤᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠬᠢᠷᠢ ᠭᠡᠮ ᠤᠨ ᠭᠡᠷᠡᠴᠢ ᠪᠠᠨ ᠲᠤᠰᠢᠶᠠᠨ᠎ᠠ᠃ | 4. ᠭᠤᠤᠯ ᠡᠵᠡᠩᠨᠡᠯᠲᠡ ᠶᠢᠨ ᠭᠠᠵᠠᠷ ᠲᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠡᠷᠡᠭᠯᠡᠨ᠎ᠡ᠃ | 5 ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠣᠨ ᠲᠥᠷᠥ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ᠳᠤ ᠳᠠᠩᠰᠠᠯᠠᠭᠤᠯᠬᠤ ᠠᠴᠠ ᠡᠮᠦᠨ᠎ᠡ ᠡᠷᠬᠡᠪᠰᠢ ᠮᠡᠳᠡᠭᠦᠯᠦᠨ ᠵᠥᠪᠰᠢᠶᠡᠷᠡᠭᠦᠯᠬᠦ ᠪᠤᠶᠤ | ᠳᠠᠩᠰᠠᠯᠠᠭᠤᠯᠬᠤ ᠪᠠᠷ ᠭᠤᠶᠤᠴᠢᠯᠠᠬᠤ ᠡᠵᠡᠩᠨᠡᠯᠲᠡ ᠶᠢᠨ ᠬᠡᠪᠴᠢᠶᠡᠨ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠳᠠᠩᠰᠠᠯᠠᠭᠤᠯᠬᠤ ᠠᠴᠠ | ᠡᠮᠦᠨ᠎ᠡ ᠡᠷᠬᠡᠪᠰᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠲᠥᠷᠥᠯ ᠵᠦᠢᠯ ᠲᠠᠢ ᠪᠣᠯ᠂ | ᠬᠤᠯᠪᠣᠭᠳᠠᠯ ᠪᠦᠬᠦᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ | ᠲᠤᠰᠢᠶᠠᠬᠤ ᠬᠡᠷᠡᠭᠲᠡᠢ᠃ | 6. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠣᠨᠴᠠᠭᠠᠢ ᠡᠩ ᠤᠨ ᠬᠤᠷᠰᠢᠭᠰᠠᠨ ᠠᠵᠤ | ᠠᠬᠤᠶᠢᠯᠠᠯ ᠪᠠᠶᠢᠭᠤᠯᠬᠤ ᠳᠤ ᠬᠤᠷᠰᠢᠭᠴᠢ ᠶᠢᠨ ᠠᠵᠢᠯ ᠤᠨ ᠬᠢᠷᠢ ᠬᠡᠮ ᠤᠨ ᠭᠡᠷᠡᠴᠢ ᠲᠤᠰᠢᠶᠠᠬᠤ ᠬᠡᠷᠡᠭᠲᠡᠢ ᠭᠡᠵᠦ | ᠲᠣᠭᠲᠠᠭᠠᠭᠰᠠᠨ ᠪᠠᠶᠢᠪᠠᠯ᠂ ᠬᠠᠷᠠᠭᠠᠯᠵᠠᠭᠰᠠᠨ ᠭᠡᠷᠡᠴᠢ ᠶᠢ ᠲᠤᠰᠢᠶᠠᠨ᠎ᠠ᠃ | ᠲᠠᠶᠢᠯᠪᠤᠷᠢ᠄ ︽ᠬᠤᠷᠰᠢᠭᠰᠠᠨ ᠠᠵᠤ ᠠᠬᠤᠶᠢᠯᠠᠯ ᠤᠨ ᠬᠠᠤᠯᠢ︾᠂ ︽ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠤᠭᠤᠯᠤᠯᠲᠠ ᠶᠢᠨ ᠬᠠᠤᠯᠢ︾᠂ ︽ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠬᠠᠮᠢᠶᠠᠷᠬᠤ | ᠳᠦᠷᠢᠮ︾ ᠤᠨ ᠶᠣᠰᠣᠭᠠᠷ ᠪᠠᠶᠢᠭᠤᠯᠤᠭᠰᠠᠨ ᠬᠤᠷᠰᠢᠭᠰᠠᠨ ᠠᠵᠤ ᠠᠬᠤᠶᠢᠯᠠᠯ ᠢ ᠳᠠᠩᠰᠠᠯᠠᠭᠤᠯᠬᠤ ᠳᠤ ᠲᠤᠰ | ᠵᠢᠷᠤᠮᠵᠢᠯ ᠢ ᠲᠣᠬᠢᠷᠠᠭᠤᠯᠤᠨ ᠬᠡᠷᠡᠭᠯᠡᠨ᠎ᠡ᠃ |