| ᠲᠦᠩᠯᠢᠶᠣᠣ ᠵᠠᠰᠠᠭ ᠲᠠᠷᠬᠠᠭᠠᠭᠰᠠᠨ ﹇2024﹈ 67 ᠳ᠋ᠤᠭᠠᠷ ᠲᠤᠭᠠᠲᠤ | ᠲᠦᠩᠯᠢᠶᠣᠤ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ ᠶᠢ ᠨᠡᠶᠢᠲᠡᠯᠡᠬᠦ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ | ᠲᠣᠪᠴᠢᠶ᠎ᠠ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ ︽ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇ | 2022﹈ 2 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 83 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠨ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ | ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ | ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ᠶᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠨᠤᠲᠠᠯᠠᠵᠤ᠂ ︽ᠲᠦᠩᠯᠢᠶᠣᠤ ᠬᠤᠲᠠ ᠶᠢᠨ | ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023︶ ᠣᠨ ᠤ | ᠬᠡᠪᠯᠡᠯ︾ ᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠬᠦ ᠶᠢᠨ ᠬᠠᠮᠲᠤ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠭᠦᠢᠴᠡᠳᠬᠡᠵᠦ᠂ ᠨᠠᠷᠢᠨ | ᠬᠠᠭᠤᠳᠠᠰᠤ ᠠᠴᠠ ᠭᠠᠳᠠᠨ᠎ᠠ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ | ᠦᠭᠡᠢ᠃ | ᠬᠤᠶᠠᠷ᠂ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ | ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ | ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠬᠡᠷᠡᠭᠵᠢᠭᠦᠯᠦᠯᠲᠡ ᠶᠢᠨ ᠵᠢᠷᠤᠮᠵᠢᠯ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠴᠠᠭ ᠲᠤᠬᠠᠶ ᠳᠤᠨᠢ | ᠰᠢᠨᠡᠳᠬᠡᠨ ᠲᠡᠭᠦᠯᠳᠡᠷᠵᠢᠭᠦᠯᠬᠦ ᠬᠡᠷᠡᠭᠲᠡᠶ᠃ | ᠭᠤᠷᠪᠠ᠂ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ | 2024 ᠤᠨ ᠤ 5 ᠰᠠᠷ᠎ᠠ ᠶᠢᠨ 9 ᠤ ᠡᠳᠦᠷ | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |