ᠸᠠᠩ ᠯᠸᠢ᠂ ᠬᠦᠷᠢᠶ᠎ᠡ ᠬᠤᠰᠢᠭᠤᠨ ᠤ ᠶᠠᠨ ᠼᠦᠨ ᠾᠧ ᠡᠮᠴᠢᠯᠡᠭᠡᠨ ᠤ ᠭᠠᠵᠠᠷ ᠤᠨ ᠡᠵᠡᠩᠨᠡᠭᠴᠢ᠂ | ᠡᠷᠡᠭᠦᠯᠵᠢᠯ ᠤᠨ ᠰᠤᠪᠢᠯᠠᠭᠴᠢ ᠪᠣᠯᠤᠨ᠎ᠠ᠃ ᠤᠯᠠᠨ ᠵᠢᠯ ᠤᠨ ᠲᠤᠷᠰᠢ᠂ ᠸᠠᠩ ᠯᠸᠢ ᠡᠮ ᠤᠨ ᠵᠦᠢᠯᠡᠰ ᠤᠨ ᠶᠠᠰᠤ | ᠴᠢᠨᠠᠷ ᠪᠣᠯᠤᠨ ᠤᠯᠠᠨ ᠲᠦᠮᠡᠨ ᠤ ᠡᠷᠡᠭᠦᠯ ᠮᠡᠨᠳᠤ ᠶᠢ ᠶᠡᠷᠦ ᠨᠢ ᠲᠡᠷᠢᠭᠦᠨ ᠪᠠᠶᠢᠷᠢᠨ ᠳᠤ ᠲᠠᠯᠪᠢᠵᠤ᠂ ᠦᠨᠡᠨᠴᠢ | ᠢᠲᠡᠭᠡᠮᠵᠢᠲᠡᠢ ᠡᠵᠡᠩᠨᠡᠯᠲᠡ ᠶᠢᠨ ᠤᠢᠢᠯᠠᠭᠠᠭᠳᠠᠬᠤᠨ ᠢ ᠢᠮᠠᠭᠲᠠ ᠪᠠᠲᠤ ᠰᠠᠬᠢᠵᠤ᠂ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠦᠨᠡᠨᠴᠢ ᠢᠲᠡᠭᠡᠮᠵᠢᠲᠡᠢ᠂ ᠲᠥᠪ ᠭᠤᠣᠯᠴᠢ ᠪᠠᠷ | ᠠᠷᠠᠯᠵᠢᠶᠠᠯᠠᠬᠤ᠂ ᠤᠯᠠᠨ ᠲᠦᠮᠡᠨ ᠳᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠰᠠᠶᠢᠨ ᠰᠠᠶᠢᠬᠠᠨ | ᠲᠦᠷᠢ ᠲᠥᠷᠬᠦ ᠶᠢ ᠪᠤᠢ ᠪᠣᠯᠭᠠᠭᠰᠠᠨ ᠪᠠᠶᠢᠨ᠎ᠠ᠃ | ︽ᠡᠮ ᠤᠨ ᠵᠦᠢᠯ ᠪᠣᠯ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠣᠨᠴᠠᠭᠠᠶ ᠲᠠᠸᠠᠷ ᠮᠥᠨ᠂ ᠶᠠᠰᠤ | ᠴᠢᠨᠠᠷ ᠤᠨ ᠰᠠᠶᠢᠨ ᠮᠠᠭᠤ ᠨᠢ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠲᠠᠢ ᠰᠢᠭᠤᠳ ᠬᠤᠯᠪᠣᠭᠳᠠᠵᠤ | ᠪᠠᠶᠢᠳᠠᠭ᠂ ᠡᠶᠢᠮᠦ ᠠᠴᠠ ᠪᠢ ᠡᠷᠬᠡᠪᠰᠢ ᠴᠢᠩᠭ᠎ᠠ ᠠᠴᠠ ᠴᠢᠩᠭ᠎ᠠ ᠨᠢᠮᠪᠠᠢ ᠪᠠᠶᠢᠬᠤ ᠬᠡᠷᠡᠭᠲᠡᠢ︾᠃ 2019 ᠣᠨ ᠳᠤ | ᠡᠬᠢᠯᠡᠨ ᠡᠮᠴᠢᠯᠡᠭᠡᠨ ᠤ ᠭᠠᠵᠠᠷ ᠡᠵᠡᠩᠨᠡᠭᠰᠡᠨ ᠠᠴᠠ ᠨᠠᠰᠢ᠂ ᠡᠮ ᠢ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠨᠢ | ᠸᠠᠩ ᠯᠧᠢ ᠶᠢᠨ ᠡᠳᠦᠷ ᠪᠦᠷᠢ ᠶᠢᠨ ᠠᠵᠢᠯ ᠤᠨ ᠭᠤᠣᠯ ᠠᠭᠤᠯᠭ᠎ᠠ ᠪᠣᠯᠪᠠ᠃ ᠵᠢᠩᠬᠢᠨᠢ ᠵᠠᠮ ᠢᠶᠠᠷ ᠪᠠᠷᠠᠭ᠎ᠠ | ᠣᠷᠣᠭᠤᠯᠬᠤ᠂ ᠡᠮ ᠤᠨ ᠵᠦᠢᠯ ᠣᠷᠣᠭᠤᠯᠬᠤ ᠶᠢ ᠬᠢᠨᠠᠨ ᠬᠠᠷᠭᠤᠭᠤᠯᠬᠤ᠂ ᠬᠥᠮᠥᠷᠭᠡ ᠳᠤ ᠣᠷᠣᠭᠤᠯᠵᠤ ᠰᠢᠯᠭᠠᠨ | ᠠᠪᠬᠤ᠂ ᠬᠥᠮᠥᠷᠭᠡ ᠳᠤ ᠠᠷᠠᠴᠢᠯᠠᠨ ᠬᠠᠮᠠᠭᠠᠯᠠᠬᠤ ᠠᠴᠠ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠡᠯ᠎ᠡ | ᠭᠤᠭᠴᠤᠭ᠎ᠠ ᠳᠤ ᠸᠠᠩ ᠯᠸᠢ ᠢᠮᠠᠭᠲᠠ ᠣᠯᠠᠨ ᠲᠦᠮᠡᠨ ᠳᠤ ᠠᠮᠤᠷ ᠲᠦᠪᠰᠢᠨ ᠦᠢᠯᠡᠳᠦᠯ ᠢᠶᠠᠷ ᠰᠠᠶᠢᠨ᠂ ᠠᠵᠤ | ᠠᠬᠤᠶ ᠶᠢᠨ ᠲᠠᠯ᠎ᠠ ᠪᠠᠷ ᠬᠢᠮᠳᠠ ᠪᠦᠭᠡᠳ ᠬᠠᠷᠠᠭᠠᠯᠵᠠᠯ ᠲᠠᠢ ᠡᠮ ᠤᠨ ᠵᠦᠢᠯ ᠬᠠᠩᠭᠠᠬᠤ ᠶᠢ ᠪᠠᠷᠢᠮᠲᠠᠯᠠᠭᠰᠠᠭᠠᠷ | ᠢᠷᠡᠵᠡᠢ᠃ ᠣᠳᠣᠬᠠᠨ ᠳᠤ ᠲᠡᠭᠦᠨ ᠤ ᠡᠵᠡᠩᠨᠡᠭᠰᠡᠨ ᠡᠮᠴᠢᠯᠡᠭᠡᠨ ᠤ ᠭᠠᠵᠠᠷ ᠤᠨ ᠡᠮ ᠤᠨ ᠲᠥᠷᠥᠯ ᠵᠦᠢᠯ 1600 | ᠪᠠᠶᠢᠵᠤ᠂ ᠡᠭᠦᠨ ᠳᠤ ᠬᠢᠲᠠᠳ ᠪᠡᠯᠡᠨ ᠡᠮ᠂ ᠧᠦ᠋ᠷᠣᠫᠠ ᠡᠮ᠂ ᠡᠮᠴᠢᠯᠡᠭᠡᠨ ᠤ ᠪᠠᠭᠠᠵᠢ ᠬᠡᠷᠡᠭᠰᠡᠯ᠂ ᠡᠷᠡᠭᠦᠯᠵᠢᠯ ᠤᠨ | ᠢᠳᠡᠭᠡᠨ᠂ ᠠᠷᠢᠭᠤᠳᠬᠠᠯ ᠤᠨ ᠡᠳ᠋ ᠵᠡᠷᠭᠡ ᠶᠢ ᠪᠠᠭᠲᠠᠭᠠᠵᠤ᠂ ᠪᠦᠬᠦᠨ ᠢᠶᠠᠷ ᠢᠶᠠᠨ ᠡᠮ ᠤᠨ ᠶᠠᠰᠤ ᠴᠢᠨᠠᠷ ᠤᠨ ᠠᠮᠤᠷ | ᠲᠦᠪᠰᠢᠨ ᠤ ᠪᠠᠷᠢᠮᠵᠢᠶ᠎ᠠ ᠳᠤ ᠨᠡᠶᠢᠴᠡᠵᠦ ᠪᠠᠶᠢᠳᠠᠭ᠃ | ︽ᠦᠨᠡᠬᠡᠷ ᠸᠠᠩ ᠯᠧᠢ ᠳᠤ ᠮᠠᠰᠢ ᠲᠠᠯᠠᠷᠬᠠᠵᠤ ᠪᠠᠶᠢᠨ᠎ᠠ᠂ ᠲᠡᠷᠡ ᠨᠠᠳᠠ ᠳᠤ ᠦᠨ᠎ᠡ ᠲᠥᠯᠦᠪᠦᠷᠢ ᠦᠭᠡᠢ ᠪᠠᠷ | ᠡᠪᠡᠳᠴᠢᠨ ᠢ ᠦᠵᠡᠭᠰᠡᠨ ᠳᠡᠭᠡᠨ ᠪᠣᠯᠵᠠᠢ᠂ ᠪᠠᠰᠠ ᠰᠦᠢᠳᠬᠡᠯ ᠬᠤᠷᠢᠶᠠᠬᠤ ᠦᠭᠡᠢ ᠪᠠᠷ ᠡᠮ ᠲᠠᠩ ᠥᠭᠭᠦᠭᠰᠡᠨ᠂ | ᠦᠭᠡᠢ ᠪᠣᠯ ᠪᠢ ᠦᠨᠡᠬᠡᠷ ᠶᠠᠭᠠᠬᠢᠬᠤ ᠪᠠᠨ ᠴᠤ ᠮᠡᠳᠡᠬᠦ ᠦᠭᠡᠢ ᠪᠠᠶᠢᠵᠠᠢ︾ ᠭᠡᠨ᠎ᠡ᠃ ᠡᠪᠡᠳᠴᠢᠲᠡᠨ ᠯᠢ ᠠᠪᠤᠭᠠᠢ | ᠸᠠᠩ ᠯᠧᠢ ᠳᠤ ᠤᠲᠠᠰᠤᠳᠠᠵᠤ ᠡᠮᠨᠡᠭᠦᠯᠬᠦ ᠶᠢᠨ ᠬᠠᠮᠲᠤ ᠭᠡᠷ ᠤᠨ ᠠᠵᠤ ᠠᠬᠤᠢ ᠶᠢᠨ ᠨᠥᠬᠦᠴᠡᠯ ᠠᠨᠠᠢ᠂ ᠬᠢᠮᠳᠠ ᠡᠮ | ᠬᠤᠳᠠᠯᠳᠤᠨ ᠠᠪᠬᠤ ᠰᠠᠨᠠᠭ᠎ᠠ ᠲᠠᠢ ᠭᠡᠰᠡᠨ ᠳᠤ ᠸᠠᠩ ᠯᠸᠢ ᠰᠢᠯᠲᠠᠭᠠᠨ ᠢ ᠣᠶᠢᠯᠠᠭᠠᠭᠰᠠᠨ ᠤ ᠳᠠᠷᠠᠭ᠎ᠠ᠂ ᠯᠢ ᠠᠪᠤᠭᠠᠢ | ᠡᠮᠨᠡᠯᠭᠡ ᠳᠤ ᠢᠷᠡᠵᠦ ᠡᠮᠨᠡᠭᠦᠯᠬᠦ ᠳᠤ ᠦᠨ᠎ᠡ ᠲᠥᠯᠦᠪᠦᠷᠢ ᠦᠭᠡᠢ ᠡᠮᠴᠢᠯᠡᠭᠡ ᠵᠢᠴᠢ ᠰᠦᠢᠳᠬᠡᠯ ᠬᠤᠷᠢᠶᠠᠬᠤ ᠦᠭᠡᠢ | ᠡᠮ ᠲᠠᠩ ᠥᠭᠭᠦᠨ᠎ᠡ ᠭᠡᠵᠦ ᠠᠮᠠᠯᠠᠵᠠᠢ᠂ ᠡᠮᠴᠢᠯᠡᠭᠡ ᠳᠠᠭᠤᠰᠤᠭᠰᠠᠨ ᠤ ᠳᠠᠷᠠᠭ᠎ᠠ᠂ ᠯᠢ ᠠᠪᠤᠭᠠᠢ ᠸᠠᠩ ᠯᠸᠢ ᠳᠤ | ᠳᠠᠬᠢᠨᠲᠠ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠮᠴᠢᠯᠡᠭᠡᠨ ᠤ ᠭᠠᠵᠠᠷ ᠡᠵᠡᠩᠨᠡᠭᠰᠡᠨ ᠠᠴᠠ ᠨᠠᠰᠢ᠂ ᠸᠠᠩ ᠯᠸᠢ | ᠢᠮᠠᠭᠲᠠ ᠠᠳᠠᠯᠢᠬᠠᠨ ᠰᠡᠳᠭᠢᠯ ᠢᠶᠠᠷ ᠡᠪᠡᠳᠴᠢᠲᠡᠨ ᠨᠢᠭᠡᠪᠦᠷᠢ ᠳᠤ ᠬᠠᠨᠳᠤᠵᠤ᠂ ᠡᠮᠴᠢᠯᠡᠭᠡᠨ ᠤ ᠭᠠᠵᠠᠷ ᠲᠤ ᠪᠠᠨ | ᠠᠷᠠᠳ ᠲᠤ ᠲᠥᠬᠦᠮ ᠦᠵᠡᠭᠦᠯᠬᠦ ᠡᠮᠴᠢᠯᠡᠭᠡᠨ ᠤ ᠲᠥᠬᠦᠭᠡᠷᠦᠮᠵᠢ ᠶᠢ ᠨᠡᠮᠡᠭᠳᠡᠭᠦᠯᠦᠨ᠂ ᠡᠪᠡᠳᠴᠢᠲᠡᠨ ᠳᠤ ᠴᠢᠰᠤᠨ | ᠳᠠᠷᠤᠯᠲᠠ᠂ ᠴᠢᠰᠤᠨ ᠰᠢᠬᠢᠷ᠂ ᠲᠠᠷᠢᠬᠢᠨ ᠤ ᠯᠤᠭᠰᠢᠭᠤᠨ ᠰᠤᠳᠠᠰᠤ᠂ ᠵᠢᠷᠦᠬᠡᠨ ᠯᠤᠭᠰᠢᠭᠤᠨ ᠰᠤᠳᠠᠰᠤ᠂ | ᠴᠢᠰᠤᠨ ᠤ ᠬᠦᠴᠢᠯᠲᠥ᠋ᠷᠥᠭᠴᠢ ᠶᠢᠨ ᠬᠠᠨᠤᠴᠠ ᠵᠡᠷᠭᠡ ᠦᠨ᠎ᠡ ᠲᠥᠯᠥᠪᠦᠷᠢ ᠦᠭᠡᠢ ᠡᠮᠴᠢᠯᠡᠭᠡᠨ ᠤ ᠦᠢᠯᠡᠴᠢᠯᠡᠭᠡ | ᠬᠠᠩᠭᠠᠵᠤ᠂ ᠪᠠᠰᠠ ᠨᠠᠰᠤ ᠠᠬᠢᠵᠤ ᠡᠪᠡᠳᠴᠢᠨ ᠬᠦᠨᠳᠦ ᠵᠡᠷᠭᠡ ᠣᠨᠴᠠᠭᠠᠶ ᠬᠥᠮᠦᠰ ᠲᠤ ᠭᠡᠷ ᠲᠤᠨᠢ ᠬᠦᠷᠴᠦ | ᠦᠢᠯᠡᠴᠢᠯᠡᠬᠦ ᠦᠢᠯᠡᠴᠢᠯᠡᠭᠡ ᠬᠠᠩᠭᠠᠵᠤ᠂ ᠭᠡᠷ ᠪᠦᠯᠢ ᠶᠢᠨ ᠶᠠᠳᠠᠭᠤ ᠬᠦᠴᠢᠷᠳᠡᠯᠲᠡᠢ ᠡᠪᠡᠳᠴᠢᠲᠡᠨ ᠵᠢᠴᠢ | ᠭᠡᠷ ᠲᠡᠭᠡᠨ ᠬᠤᠴᠤᠷᠤᠭᠰᠠᠨ ᠬᠡᠥᠭᠡᠳ ᠲᠤ ᠰᠦᠢᠳᠬᠡᠯ ᠬᠤᠷᠢᠶᠠᠬᠤ ᠥᠬᠡᠶ ᠪᠠᠷ ᠡᠮ ᠲᠠᠩ ᠥᠭᠬᠦ ᠪᠤᠶᠤ | ᠡᠮᠴᠢᠯᠡᠭᠡᠨ ᠤ ᠵᠠᠷᠤᠳᠠᠯ ᠢ ᠬᠠᠰᠤᠵᠤ ᠬᠡᠯᠲᠦᠷᠢᠭᠦᠯᠵᠦ᠂ ᠣᠨᠴᠠ ᠵᠠᠷᠢᠮ ᠤᠵᠢᠭ ᠡᠪᠡᠳᠴᠢᠨ ᠳᠤ ᠨᠡᠷᠪᠡᠭᠳᠡᠭᠰᠡᠨ | ᠤᠷᠲᠤ ᠬᠤᠭᠤᠴᠠᠭ᠎ᠠ ᠪᠠᠷ ᠡᠮ ᠬᠡᠷᠡᠭᠯᠡᠵᠦ ᠪᠠᠶᠢᠭ᠎ᠠ ᠡᠪᠡᠳᠴᠢᠲᠡᠨ ᠳᠤ ᠡᠮ ᠤᠨ ᠵᠦᠢᠯ ᠢ ᠵᠦᠷᠢᠶᠡᠲᠦ ᠦᠨ᠎ᠡ | ᠥᠬᠡᠶ ᠪᠠᠷ ᠬᠤᠳᠠᠯᠳᠤᠵᠤ ᠥᠭᠳᠡᠭ ᠪᠠᠶᠢᠨ᠎ᠠ᠃ ᠣᠲᠣ ᠪᠣᠯᠲᠠᠯ᠎ᠠ᠂ ᠡᠮᠴᠢᠯᠡᠭᠡᠨ ᠤ ᠭᠠᠵᠠᠷ ᠲᠤ ᠨᠡᠶᠢᠲᠡ 400 | ᠶᠠᠳᠠᠭᠤ ᠬᠦᠴᠢᠷᠳᠡᠯᠲᠡᠶ ᠡᠪᠡᠳᠴᠢᠲᠡᠨ ᠢ ᠬᠠᠪᠰᠤᠷᠤᠨ ᠂ ᠠᠯᠪᠠᠨ ᠵᠢᠷᠤᠮ ᠤᠨ ᠡᠮᠴᠢᠯᠡᠭᠡᠨ ᠤ ᠵᠠᠷᠤᠳᠠᠯ ᠨᠢ 2.2 | ᠲᠦᠮᠡᠨ ᠲᠥᠭᠦᠷᠢᠭ ᠲᠤ ᠬᠦᠷᠪᠡ᠃ | ︽ᠬᠡᠷᠡᠭᠯᠡᠭᠴᠢᠳ ᠤᠨ ᠤᠳᠠᠭ᠎ᠠ ᠪᠦᠷᠢ ᠶᠢᠨ ᠬᠡᠷᠡᠭᠯᠡᠭᠡ ᠪᠣᠯ ᠳᠠᠷᠤᠢ ᠤᠳᠠᠭ᠎ᠠ ᠪᠦᠷᠢ ᠶᠢᠨ ᠠᠮᠢ ᠨᠠᠰᠤ ᠡᠷᠡᠭᠦᠯ | ᠮᠡᠨᠳᠦ ᠶᠢᠨ ᠨᠠᠶᠢᠳᠠᠯᠭ᠎ᠠ ᠪᠠ ᠢᠲᠡᠭᠡᠯ ᠮᠥᠨ᠂ ᠬᠡᠷᠡᠭᠯᠡᠭᠴᠢᠳ ᠲᠤ ᠬᠠᠷᠢᠭᠤᠴᠠᠬᠤ ᠪᠣᠯ ᠪᠢᠳᠡᠨ ᠤ ᠬᠠᠷᠢᠭᠤᠴᠠᠯᠭ᠎ᠠ | ᠮᠥᠨ︾ ᠭᠡᠵᠦ ᠸᠠᠩ ᠯᠸᠢ ᠦᠷᠭᠦᠯᠵᠢ ᠠᠵᠢᠯᠲᠠᠳ ᠲᠠᠭᠠᠨ ᠢᠩᠭᠢᠵᠦ ᠬᠡᠯᠡᠵᠦ ᠪᠠᠶᠢᠳᠠᠭ᠃ 2022 ᠣᠨ ᠳᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠬᠡᠰᠡᠭ ᠡᠮ ᠤᠨ ᠵᠦᠢᠯ᠂ | ᠠᠮᠠᠪᠴᠢ᠂ ᠰᠫᠢᠷᠲ ᠵᠡᠷᠭᠡ ᠡᠳ᠋ ᠪᠣᠳᠠᠰ ᠤᠨ ᠦᠨ᠎ᠡ ᠬᠠᠩᠰᠢ ᠥᠰᠦᠭᠰᠡᠨ ᠪᠠ ᠪᠣᠷᠣᠯᠠᠭᠤᠯᠭ᠎ᠠ ᠲᠠᠰᠤᠯᠳᠠᠭᠰᠠᠨ | ᠪᠠᠶᠢᠳᠠᠯ ᠢᠯᠡᠷᠡᠭᠰᠡᠨ ᠪᠣᠯᠪᠠᠴᠤ ᠸᠠᠩ ᠯᠸᠢ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠪᠠᠷᠢᠮᠲᠠᠯᠠᠵᠤ᠂ | ᠡᠵᠡᠩᠨᠡᠯᠲᠡ ᠶᠢᠨ ᠡᠮᠬᠢ ᠳᠢᠭᠯᠢᠮ ᠲᠣᠭᠲᠠᠭᠤᠨ ᠪᠠᠶᠢᠬᠤ ᠶᠢ ᠴᠢᠷᠮᠠᠶᠢᠨ ᠪᠠᠲᠤᠯᠠᠵᠤ᠂ ᠦᠨ᠎ᠡ ᠶᠠᠭᠠᠬᠢᠭᠰᠠᠨ ᠴᠤ | ᠥᠰᠬᠡᠬᠦ ᠥᠬᠡᠶ ᠶᠤᠮ᠃ ᠪᠠᠴᠢᠮ ᠬᠡᠷᠡᠭᠴᠡᠭᠡ ᠲᠠᠢ ᠡᠪᠡᠳᠴᠢᠲᠡᠨ ᠢ ᠴᠠᠭ ᠲᠤᠬᠠᠶ ᠳᠤᠨᠢ ᠡᠮ ᠤᠨ ᠵᠦᠢᠯ ᠢ | ᠬᠤᠳᠠᠯᠳᠤᠨ ᠠᠪᠤᠭᠤᠯᠬᠤ ᠶᠢᠨ ᠲᠥᠯᠥᠭᠡ᠂ ᠲᠡᠷᠡ ᠡᠮᠴᠢᠯᠡᠭᠡᠨ ᠤ ᠭᠠᠵᠠᠷ ᠤᠨ ᠠᠵᠢᠯᠯᠠᠬᠤ ᠴᠠᠭ ᠢ ᠤᠷᠲᠤᠳᠬᠠᠵᠤ᠂ | ᠰᠥᠨᠢ ᠡᠮᠴᠢᠯᠡᠭᠡᠨ ᠤ ᠭᠠᠵᠠᠷ ᠤᠨ ᠡᠮᠴᠢᠯᠡᠭᠡ ᠪᠠᠨ ᠵᠣᠭᠰᠤᠭᠰᠠᠨ ᠤ ᠳᠠᠷᠠᠭ᠎ᠠ ᠬᠡᠷᠪᠡ ᠪᠠᠴᠢᠮ ᠡᠮ ᠬᠡᠷᠡᠭᠯᠡᠬᠦ | ᠡᠪᠡᠳᠴᠢᠲᠡᠨ ᠪᠠᠶᠢᠪᠠᠯ᠂ ᠸᠠᠩ ᠯᠸᠢ ᠲᠡᠷᠡ ᠳᠠᠷᠤᠶ ᠲᠦᠷᠭᠡᠨ ᠡᠮᠴᠢᠯᠡᠭᠡᠨ ᠤ ᠭᠠᠵᠠᠷ ᠲᠤ ᠪᠤᠴᠠᠵᠤ ᠥᠪᠡᠷ ᠤᠨ | ᠪᠡᠶ᠎ᠡ ᠪᠠᠷ ᠢᠶᠠᠨ ᠡᠮ ᠤᠨ ᠵᠦᠢᠯ ᠢ ᠡᠪᠡᠳᠴᠢᠲᠡᠨ ᠤ ᠬᠡᠷ ᠲᠤ ᠬᠦᠷᠭᠡᠵᠦ ᠥᠭᠳᠡᠭ᠃ ᠠᠵᠢᠯᠲᠠᠨ ᠠᠵᠢᠯᠴᠢᠨ ᠤ | ᠦᠨᠡᠨᠴᠢ ᠢᠲᠡᠭᠡᠮᠵᠢᠲᠡᠶ᠂ ᠬᠠᠤᠯᠢ ᠶᠢ ᠰᠠᠬᠢᠬᠤ᠂ ᠪᠣᠯᠪᠠᠰᠤᠨ ᠢᠶᠠᠷ ᠡᠵᠡᠩᠨᠡᠬᠦ ᠣᠶᠢᠯᠠᠭᠠᠭᠳᠠᠬᠤᠨ ᠢ | ᠬᠥᠮᠦᠵᠢᠭᠦᠯᠬᠦ ᠶᠢᠨ ᠲᠥᠯᠥᠭᠡ᠂ ᠸᠠᠩ ᠯᠸᠢ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠪᠣᠯᠪᠠᠰᠤᠷᠠᠭᠤᠯᠤᠯ ᠤᠨ | ᠠᠵᠢᠯᠯᠠᠭ᠎ᠠ ᠶᠢ ᠣᠯᠠᠨ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠢ ᠬᠥᠲᠥᠯᠥᠨ | ᠵᠢᠯᠣᠭᠤᠳᠴᠤ ᠪᠠᠶᠢᠭᠠᠳ ᠥᠷᠭᠡᠨ ᠣᠯᠠᠨ ᠬᠡᠷᠡᠭᠯᠡᠭᠴᠢᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠯᠭᠡᠳᠡᠭ | ᠪᠠᠶᠢᠯ᠎ᠠ᠃ | ᠰᠡᠳᠭᠢᠯ ᠲᠠᠯᠪᠢᠨ ᠦᠢᠯᠡᠴᠢᠯᠡᠵᠦ᠂ ᠬᠠᠶᠢᠷ᠎ᠠ ᠬᠠᠯᠠᠮᠵᠢ ᠬᠦᠷᠭᠡᠳᠡᠭ᠃ ᠤᠯᠠᠨ ᠵᠢᠯ ᠤᠨ ᠲᠤᠷᠰᠢ᠂ ᠸᠠᠩ ᠯᠸᠢ | ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠲᠦᠮᠡᠨ ᠳᠤ ᠴᠢᠨᠠᠷ ᠰᠠᠶᠢᠲᠠᠢ ᠡᠮᠴᠢᠯᠡᠭᠡᠨ ᠤ | ᠦᠢᠯᠡᠴᠢᠯᠡᠭᠡ ᠬᠠᠩᠭᠠᠬᠤ ᠶᠢ ᠪᠠᠷᠢᠮᠲᠠᠯᠠᠵᠤ᠂ ᠪᠣᠯᠪᠠᠰᠤᠨ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠢ ᠪᠠᠷ | ᠬᠠᠤᠯᠢ ᠶᠢ ᠰᠠᠬᠢᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ ᠴᠢᠳᠠᠯ ᠢᠶᠠᠨ | ᠡᠷᠭᠦᠵᠦ ᠢᠷᠡᠭᠰᠡᠨ ᠪᠠᠶᠢᠨ᠎ᠠ᠃ |