ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠱᠦᠶ ᠴᠢᠤᠸᠠᠨ ᠰᠢᠶᠠᠩ ᠳᠤ ᠢᠷᠡᠵᠦ ᠳᠠᠭᠠᠭᠠᠴᠢᠯᠠᠨ ᠬᠤᠯᠪᠣᠭᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ ᠯᠢᠦ ᠸᠧᠨ ᠯᠢ ᠱᠦᠶ ᠴᠢᠤᠸᠠᠨ ᠰᠢᠶᠠᠩ ᠳᠤ ᠢᠷᠡᠵᠦ ᠳᠠᠭᠠᠭᠠᠴᠢᠯᠠᠨ ᠬᠤᠯᠪᠣᠭᠠᠯᠠᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠴᠢᠩ ᠱᠠᠨ ᠪᠠᠷ᠎ᠠ ᠪᠣᠯᠪᠠ᠃    ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠱᠦᠶ ᠴᠢᠤᠸᠠᠨ ᠰᠢᠶᠠᠩ ᠳᠤ 20 ᠺᠣᠮᠫᠢᠦ᠋ᠲ᠋ᠧᠷ ᠬᠠᠨᠳᠢᠪᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ 2023 ᠣᠨ ᠳᠤ ᠬᠠᠨᠳᠢᠪᠯᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ᠤ ᠡᠳᠦᠷ ᠲᠤᠲᠤᠮ ᠤᠨ ᠬᠡᠷᠡᠭᠯᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠳᠠᠷᠠᠭ᠎ᠠ ᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠱᠦᠶ ᠴᠢᠤᠸᠠᠨ ᠰᠢᠶᠠᠩ ᠣᠳᠣᠬᠠᠨ ᠤ ᠭᠤᠤᠯᠳᠠᠯᠭ᠎ᠠ ᠲᠠᠢ ᠠᠵᠢᠯ᠂ ᠣᠶᠢᠷ᠎ᠠ ᠶᠢᠨ ᠬᠤᠭᠤᠴᠠᠭᠠᠨ ᠤ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠡᠷᠭᠡ ᠶᠢᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号