8 ᠰᠠᠷ᠎ᠠ ᠶᠢᠨ 16 ᠤ ᠡᠳᠦᠷ᠂ ᠬᠦᠷᠢᠶ᠎ᠡ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ | ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠵᠧᠦ ᠯᠢᠶᠠᠩ ᠶᠤᠸᠠᠨ᠂ ᠵᠤᠤ ᠭᠠᠩ᠂ ᠴᠢᠨ | ᠶᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠴᠢᠬᠤᠯᠠᠴᠢᠯᠠᠭᠰᠠᠨ ᠨᠢ | ᠂ ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠪᠣᠯ | ᠡᠷᠬᠡᠪᠰᠢ ᠪᠡᠶᠡᠯᠡᠭᠦᠯᠬᠦ ᠨᠢᠭᠡᠨ ᠲᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠪᠦᠬᠦ | ᠬᠤᠰᠢᠭᠤ ᠪᠠᠷ ᠢᠶᠠᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠪᠡᠷᠬᠡ ᠬᠠᠲᠠᠭᠤᠵᠢᠯᠲᠤ | ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠨ᠂ ᠪᠦᠬᠦ ᠬᠤᠰᠢᠭᠤᠨ ᠤ ᠡᠯᠡᠰᠦᠷᠬᠡᠭ ᠭᠠᠵᠠᠷ ᠢ ᠵᠠᠰᠠᠭᠰᠠᠨ ᠣᠳᠣᠬᠢ | ᠪᠠᠶᠢᠳᠠᠯ ᠢ ᠡᠵᠡᠮᠰᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠷᠣᠨ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ ᠬᠡᠷᠡᠭᠲᠡᠢ︔ ᠡᠯᠡᠰᠦ ᠶᠢ ᠵᠠᠰᠠᠬᠤ᠂ ᠡᠯᠡᠰᠦᠷᠬᠡᠭᠵᠢᠯ ᠢ ᠰᠡᠷᠭᠡᠶᠢᠯᠡᠬᠦ ᠶᠢ ᠨᠢᠭᠡ | ᠴᠤᠭᠴᠠᠵᠢᠭᠤᠯᠤᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ ᠪᠠ ᠮᠠᠯᠴᠢᠨ ᠲᠠᠷᠢᠶᠠᠴᠢᠨ | ᠲᠦᠮᠡᠨ ᠤ ᠠᠵᠤ ᠦᠢᠯᠡᠰ ᠤᠨ ᠬᠥᠭᠵᠢᠯᠲᠡ ᠵᠢᠴᠢ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ | ᠤᠶᠠᠯᠳᠤᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ | ᠠᠰᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ︔ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ | ᠂ ᠠᠯᠪᠠᠨ ᠵᠢᠷᠤᠮ ᠤᠨ ᠮᠣᠳᠣ ᠲᠠᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠡᠯᠡᠰᠦ ᠶᠢ ᠵᠠᠰᠠᠬᠤ ᠥᠷᠨᠢᠯᠲᠡ ᠳᠤ ᠢᠳᠡᠪᠬᠢᠲᠡᠶ ᠣᠷᠣᠯᠴᠠᠭᠤᠯᠵᠤ᠂ | ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ | ᠣᠯᠬᠤ ᠬᠡᠷᠡᠭᠲᠡᠢ ᠭᠡᠵᠡᠢ᠃ | | | |