8 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠪᠥᠬᠦ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠵᠢᠯ ᠵᠢᠴᠢ ᠣᠶ ᠰᠢᠭᠤᠶ ᠶᠢᠨ | ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠪᠣᠳᠠᠲᠠᠢ ᠠᠵᠢᠯᠯᠠᠵᠤ | ᠡᠷᠡᠯᠬᠡᠭᠯᠡᠨ ᠤᠷᠤᠭᠰᠢᠯᠠᠬᠤ ᠪᠣᠯ ᠡᠯ᠎ᠡ ᠵᠦᠢᠯ ᠤᠨ ᠠᠵᠢᠯ ᠤᠨ ᠶᠡᠷᠦᠩᠬᠡᠢ ᠬᠦᠭ ᠠᠶᠠᠰ ᠮᠥᠨ᠃ ᠪᠥᠬᠦ | ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ | ᠠᠷᠭ᠎ᠠ ᠪᠠᠷᠢᠯ ᠠᠪᠴᠤ᠂ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ | ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ︔ ᠠᠭᠤᠯᠠ ᠤᠰᠤ ᠤᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ | ᠂ ᠭᠦᠢᠴᠡᠳᠬᠡᠬᠦ ᠲᠤᠭ᠎ᠠ ᠶᠢᠨ ᠡᠭᠦᠷᠭᠡ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ | ᠨᠠᠷᠢᠨ ᠠᠳᠬᠤᠬᠤ ᠬᠡᠷᠡᠭᠲᠡᠶ ᠵᠢᠭᠠᠵᠤ ᠭᠠᠷᠭᠠᠪᠠ᠃ | ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠺᠠᠳ᠋ᠷ ᠣᠯᠠᠨ ᠲᠦᠮᠡᠨ ᠢ ᠬᠠᠪᠰᠤᠷᠤᠨ ᠪᠦᠲᠦᠮᠵᠢᠲᠡᠶ ᠬᠠᠮᠠᠭᠠᠯᠠᠬᠤ ᠪᠠ ᠵᠠᠰᠠᠬᠤ ᠠᠷᠭ᠎ᠠ ᠶᠢ | ᠡᠵᠡᠮᠰᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠪᠥᠬᠦ ᠲᠠᠯ᠎ᠠ ᠪᠠᠷ᠂ | ᠪᠥᠬᠦ ᠭᠠᠵᠠᠷ ᠣᠷᠣᠨ᠂ ᠪᠥᠬᠦ ᠶᠠᠪᠤᠴᠠ ᠳᠤ ᠦᠷᠨᠢᠭᠦᠯᠬᠦ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠨᠠᠷᠢᠨ | ᠨᠢᠮᠪᠠᠶ ᠪᠠᠶᠢᠷᠢᠯᠠᠭᠤᠯᠵᠤ᠂ ᠪᠥᠬᠦ ᠲᠠᠯ᠎ᠠ ᠪᠠᠷ ᠳᠠᠶᠢᠴᠢᠯᠠᠨ᠂ ᠣᠶ ᠰᠢᠭᠤᠶ ᠨᠤᠲᠤᠭ ᠪᠡᠯᠴᠢᠭᠡᠷ ᠤᠨ ᠵᠢᠷᠤᠭ ᠤᠨ | ᠲᠣᠯᠪᠤ ᠶᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠰᠠᠶᠢᠲᠤᠷ | ᠥᠷᠨᠢᠭᠦᠯᠵᠦ᠂ ᠬᠠᠷᠢᠶ᠎ᠠ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠵᠤ᠂ ᠨᠡᠮᠡᠭᠳᠡᠯ ᠤᠨ ᠬᠡᠮᠵᠢᠶ᠎ᠡ ᠶᠢ | ᠪᠥᠬᠦ ᠬᠦᠴᠦᠨ ᠢᠶᠠᠷ ᠢᠶᠠᠨ ᠬᠢᠵᠠᠭᠠᠷᠯᠠᠵᠤ᠂ ᠬᠠᠳᠠᠭᠠᠯᠠᠮᠵᠢ ᠶᠢᠨ ᠬᠡᠮᠵᠢᠶ᠎ᠡ ᠶᠢ ᠠᠷᠢᠯᠭᠠᠵᠤ᠂ ᠡᠯ᠎ᠡ ᠵᠦᠢᠯ ᠤᠨ | ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠪᠡ᠃ | | | |