ᠭᠠᠷ ᠤᠲᠠᠰᠤ ᠪᠠᠨ ᠬᠡᠦᠬᠡᠳ ᠠᠴᠠ ᠬᠤᠯᠠᠬᠠᠨ ᠪᠠᠶᠢᠯᠭᠠᠶ᠎ᠠ︕
ᠨᠡᠶᠢᠲᠡᠯᠡᠭᠰᠡᠨ ᠴᠠᠭ᠄
2024/8/2
   ᠬᠡᠦᠬᠡᠳ ᠭᠠᠷ ᠤᠲᠠᠰᠤ ᠶᠢ ᠨᠡᠯᠢᠶᠡᠳ ᠤᠷᠳᠤ ᠬᠤᠭᠤᠴᠠᠭ᠎ᠠ ᠪᠠᠷ ᠦᠵᠡᠪᠡᠯ᠂ ᠬᠡᠦᠬᠡᠳ ᠤᠨ ᠤᠶᠢᠯᠠ ᠠᠵᠢᠯᠯᠠᠭ᠎ᠠ ᠪᠤᠶᠤ ᠰᠡᠳᠬᠢᠴᠡ ᠶᠢᠨ ᠡᠷᠡᠭᠦᠯ ᠮᠠᠨᠳᠤ ᠳᠤ ᠮᠠᠰᠢ ᠶᠡᠭᠡ ᠠᠰᠢᠭ ᠦᠭᠡᠢ ᠨᠥᠯᠥᠭᠡ ᠦᠵᠡᠭᠦᠯᠳᠡᠭ᠃    ᠲᠠᠭᠡᠪᠠᠯ᠂ ᠨᠠᠰᠤᠨ ᠳᠤ ᠦᠯᠤ ᠭᠦᠷᠦᠭᠰᠡᠳ ᠬᠡᠲᠦᠷᠡᠲᠡᠯ᠎ᠡ ᠭᠠᠷ ᠤᠲᠠᠰᠤ ᠬᠡᠷᠡᠭᠯᠡᠬᠦ ᠨᠢ ᠶᠠᠮᠠᠷ ᠨᠥᠯᠥᠭᠡ ᠲᠠᠢ ᠪᠤᠢ︖    ᠬᠡᠲᠦᠷᠡᠲᠡᠯ᠎ᠡ ᠭᠠᠷ ᠤᠲᠠᠰᠤ ᠬᠡᠷᠡᠭᠯᠡᠬᠦ ᠨᠢ ᠨᠠᠰᠤᠨ ᠳᠤ ᠦᠯᠤ ᠭᠦᠷᠦᠭᠰᠠᠳ ᠢ ᠠᠩᠬᠠᠷᠤᠯ ᠲᠥᠪᠯᠡᠷᠡᠭᠦᠯᠬᠦ ᠦᠭᠡᠢ  ᠪᠤᠯᠭᠠᠵᠤ ᠬᠠᠷᠠᠭ᠎ᠠ   ᠶᠢ ᠨᠢ  ᠮᠠᠭᠤᠳᠠᠭᠤᠯᠤᠨ᠂ ᠰᠤᠷᠤᠯᠭ᠎ᠠ   ᠶᠢᠨ ᠬᠢᠷᠢ  ᠪᠦᠳᠤᠮᠵᠢ ᠶᠢ ᠨᠢ ᠳᠣᠷᠣᠭᠰᠢᠯᠠᠭᠤᠯᠳᠠᠭ᠃ ᠡᠷᠡᠭᠦᠯ ᠪᠤᠰᠤ ᠲᠠᠪᠴᠠᠩ ᠢ ᠦᠵᠡᠪᠡᠯ᠂ ᠨᠠᠰᠤᠨ ᠳᠤ ᠦᠯᠤ ᠭᠦᠷᠦᠭᠰᠠᠳ ᠤᠨ ᠰᠡᠳᠬᠢᠴᠡ  ᠶᠢᠨ ᠡᠷᠡᠭᠦᠯ ᠪᠤᠶᠢᠵᠢᠯᠳᠠ ᠶᠢ ᠨᠥᠯᠥᠭᠡᠯᠡᠨ᠂ ᠨᠠᠶᠢᠵᠠᠯᠠᠨ ᠵᠣᠭᠤᠭᠳᠠᠪᠠᠯ ᠨᠠᠰᠤᠨ ᠳᠤ ᠦᠯᠤ ᠭᠦᠷᠦᠭᠰᠡᠳ ᠢ ᠬᠠᠤᠯᠢ ᠪᠤᠰᠤ ᠬᠠᠯᠳᠠᠯᠭ᠎ᠠ ᠳᠤ ᠤᠴᠠᠷᠠᠭᠤᠯᠬᠤ ᠪᠠ ᠵᠣᠭᠤᠰ ᠮᠥᠩᠭᠦ ᠶᠢ ᠨᠢ ᠰᠦᠢᠳᠬᠡᠬᠦ ᠪᠣᠯᠭᠠᠨ᠎ᠠ᠃    ᠰᠦᠯᠵᠢᠶᠡᠨ ᠤ ᠲᠠᠪᠴᠠᠩ ᠠᠴᠠ ᠶᠠᠮᠠᠷ ᠠᠷᠭ᠎ᠠ ᠬᠡᠮᠵᠢᠶ᠎ᠡ ᠠᠪᠴᠤ ᠨᠠᠰᠤᠨ ᠳᠤ ᠦᠯᠤ ᠭᠦᠷᠦᠭᠰᠠᠳ ᠤᠨ ᠭᠠᠷ ᠤᠲᠠᠰᠤᠨ ᠤ ᠲᠣᠭᠯᠠᠭᠠᠮ ᠳᠤ ᠰᠢᠨᠤᠬᠤ ᠶᠢ ᠰᠡᠷᠭᠡᠶᠢᠯᠡᠨ ᠬᠤᠷᠢᠭᠯᠠᠬᠤ ᠶᠣᠰᠣᠲᠠᠢ ᠪᠤᠢ︖    ᠰᠦᠯᠵᠢᠶᠡᠨ ᠤ ᠲᠠᠪᠴᠠᠩ ᠠᠴᠠ ᠰᠦᠯᠵᠢᠶᠡᠨ ᠤ ᠲᠣᠭᠯᠠᠭᠠᠮ᠂ ᠰᠢᠭᠤᠳ ᠨᠡᠪᠲᠡᠷᠡᠭᠦᠯᠭᠡ᠂ ᠣᠬᠤᠷ ᠸᠢᠳᠢᠤ᠋ ᠶᠢᠨ ᠲᠠᠪᠴᠠᠩ ᠤᠨ ᠦᠨᠡᠨ ᠨᠡᠷ᠎ᠡ ᠪᠠᠷ ᠳᠠᠩᠰᠠᠯᠠᠭᠤᠯᠤᠨ ᠭᠠᠷᠬᠤ ᠶᠢ ᠴᠢᠩᠭᠠᠳᠬᠠᠨ᠂ ᠨᠠᠰᠤᠨ ᠳᠤ ᠦᠯᠤ ᠭᠦᠷᠦᠭᠰᠠᠳ ᠤᠨ ᠰᠦᠯᠵᠢᠶᠡᠨ ᠤ ᠲᠣᠭᠯᠠᠭᠠᠮ ᠨᠠᠭᠠᠳᠬᠤ ᠴᠠᠭ ᠬᠤᠭᠤᠴᠠᠭ᠎ᠠ ᠶᠢ ᠡᠵᠡᠮᠳᠡᠨ ᠬᠢᠵᠠᠭᠠᠷᠯᠠᠵᠤ᠂ ᠨᠠᠰᠤᠨ ᠳᠤ ᠦᠯᠤ ᠭᠦᠷᠦᠭᠰᠠᠳ ᠲᠤ ᠬᠠᠩᠭᠠᠬᠤ ᠵᠣᠭᠤᠰ ᠨᠡᠮᠡᠬᠦ ᠦᠢᠯᠡᠴᠢᠯᠡᠭᠡ ᠶᠢ ᠵᠢᠷᠤᠮᠵᠢᠭᠤᠯᠤᠨ᠂ ᠨᠠᠰᠤᠨ  ᠳᠤᠨᠢ ᠲᠣᠬᠢᠷᠠᠬᠤ ᠲᠤᠰᠬᠠᠢ ᠰᠠᠨᠠᠭᠤᠯᠤᠮᠵᠢ ᠭᠠᠷᠭᠠᠬᠤ ᠴᠢᠬᠤᠯᠠᠲᠠᠢ᠃ ᠡᠭᠦᠨ ᠤ ᠵᠡᠷᠭᠡ ᠪᠠᠷ ᠮᠡᠷᠭᠡᠵᠢᠯ ᠤᠨ ᠠᠷᠭ᠎ᠠ ᠠᠪᠴᠠᠯ ᠠᠪᠴᠤ᠂ ᠨᠠᠰᠤᠨ ᠳᠤ ᠦᠯᠤ ᠭᠦᠷᠥᠭᠰᠠᠳ ᠢ ᠲᠣᠬᠢᠷᠠᠮᠵᠢ ᠦᠭᠡᠢ ᠰᠦᠯᠵᠢᠶᠡᠨ ᠤ ᠲᠣᠭᠯᠠᠭᠠᠮ ᠪᠤᠶᠤ ᠰᠦᠯᠵᠢᠶᠡᠨ ᠤ ᠴᠢᠳᠠᠮᠵᠢ ᠳᠤ ᠣᠶᠢᠷᠠᠲᠤᠭᠤᠯᠵᠤ ᠪᠤᠯᠬᠤ ᠦᠭᠡᠢ᠃    ᠰᠦᠯᠵᠢᠶᠡᠨ ᠤ ᠲᠠᠪᠴᠠᠩ ᠠᠴᠠ ᠨᠠᠰᠤᠨ ᠳᠤ ᠦᠯᠤ ᠭᠦᠷᠦᠭᠰᠠᠳ ᠲᠤ ᠭᠠᠷ ᠤᠲᠠᠰᠤᠨ ᠤ ᠲᠣᠭᠯᠠᠭᠠᠮ ᠨᠠᠭᠠᠳᠬᠤ ᠦᠢᠯᠡᠴᠢᠯᠡᠭᠡ ᠬᠠᠩᠭᠠᠵᠤ᠂ ᠨᠠᠰᠤᠨ ᠳᠤ ᠦᠯᠤ ᠭᠦᠷᠦᠭᠰᠡᠳ ᠠᠪᠤ ᠡᠵᠢ ᠶᠢᠨ ᠢᠶᠠᠨ ᠵᠥᠪᠰᠢᠶᠡᠷᠡᠯ ᠦᠭᠡᠢ  ᠪᠠᠷ ᠵᠣᠭᠤᠰ ᠨᠡᠮᠡᠬᠦ᠂ ᠠᠪᠤ ᠡᠵᠢ ᠶᠢᠨ ᠢᠶᠠᠨ ᠪᠡᠶ᠎ᠡ ᠶᠢᠨ ᠬᠢᠷᠢ ᠭᠡᠮ ᠤᠨ ᠮᠡᠳᠡᠭᠡ ᠵᠠᠩᠭᠢ ᠶᠢ ᠬᠠᠭᠤᠷᠮᠠᠭᠯᠠᠨ ᠬᠡᠷᠡᠭᠯᠡᠵᠦ ᠤᠷᠳᠤ ᠬᠤᠭᠤᠴᠠᠭ᠎ᠠ ᠪᠠᠷ ᠰᠦᠯᠵᠢᠶᠡᠨ ᠤ ᠲᠣᠭᠯᠠᠭᠠᠮ ᠳᠤ ᠰᠢᠨᠤᠬᠤ ᠵᠡᠷᠭᠡ ᠠᠵᠢᠯᠯᠠᠭ᠎ᠠ ᠨᠢ ᠬᠡᠦᠬᠡᠳ ᠤᠨ ᠦᠰᠤᠨ ᠪᠤᠶᠢᠵᠢᠯᠳᠠ ᠳᠤ ᠮᠠᠭᠤ ᠨᠥᠯᠥᠭᠡ ᠦᠵᠡᠭᠦᠯᠳᠡᠭ᠃ ︽ᠢᠷᠭᠡᠨ ᠤ ᠬᠠᠤᠯᠢ ᠶᠢᠨ ᠪᠢᠴᠢᠭ︾ ᠪᠣᠯᠣᠨ ︽ᠨᠠᠰᠤᠨ ᠳᠤ ᠦᠯᠤ ᠭᠦᠷᠦᠭᠰᠡᠳ ᠢ ᠬᠠᠮᠠᠭᠠᠯᠠᠬᠤ ᠬᠠᠤᠯᠢ︾ ᠶᠢ ᠦᠨᠳᠦᠰᠦᠯᠡᠨ᠂ ᠰᠦᠯᠵᠢᠶᠡᠨ ᠤ ᠦᠢᠯᠡᠳᠬᠦᠨ ᠪᠣᠯᠣᠨ ᠦᠢᠯᠡᠴᠢᠯᠡᠭᠡ ᠬᠠᠩᠭᠠᠭᠰᠠᠳ ᠢᠷᠭᠡᠨ ᠤ ᠬᠡᠷᠡᠭ ᠤᠨ ᠬᠠᠷᠢᠭᠤᠴᠠᠯᠭ᠎ᠠ ᠪᠣᠯᠣᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠃  ᠨᠡᠶᠢᠭᠡᠮ᠂ ᠰᠤᠷᠭᠠᠭᠤᠯᠢ ᠪᠣᠯᠣᠨ ᠭᠡᠷ ᠤᠨ ᠠᠬᠠᠮᠠᠳ ᠬᠡᠷᠬᠢᠨ ᠨᠠᠰᠤᠨ ᠳᠤ ᠦᠯᠤ ᠭᠦᠷᠦᠭᠰᠡᠳ ᠤᠨ ᠬᠡᠲᠦᠷᠡᠲᠡᠯ᠎ᠡ ᠭᠠᠷ ᠤᠲᠠᠰᠤ ᠬᠡᠷᠡᠭᠯᠡᠬᠦ ᠶᠠᠪᠤᠳᠠᠯ ᠢ ᠰᠡᠷᠭᠡᠶᠢᠯᠡᠨ ᠬᠤᠷᠢᠭᠯᠠᠬᠤ ᠪᠤᠢ︖    ᠭᠡᠷ ᠪᠦᠯᠢ᠂ ᠰᠤᠷᠭᠠᠭᠤᠯᠢ᠂ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠪᠠᠶᠢᠭᠤᠯᠭ᠎ᠠ᠂ ᠨᠡᠶᠢᠭᠡᠮ ᠴᠥᠮ ᠨᠠᠰᠤᠨ ᠳᠤ ᠦᠯᠤ ᠭᠦᠷᠦᠭᠰᠡᠳ ᠤᠨ ᠬᠡᠲᠦᠷᠡᠲᠡᠯ᠎ᠡ ᠭᠠᠷ ᠤᠲᠠᠰᠤ ᠬᠡᠷᠡᠭᠯᠡᠬᠦ᠂ ᠰᠦᠯᠵᠢᠶᠡᠨ ᠳᠤ ᠰᠢᠨᠤᠬᠠᠶᠢᠷᠠᠬᠤ ᠠᠰᠠᠭᠤᠳᠠᠯ ᠢ ᠴᠢᠬᠤᠯᠠᠴᠢᠯᠠᠨ ᠦᠵᠡᠬᠦ ᠶᠣᠰᠣᠲᠠᠢ ᠶᠤᠮ᠃ ᠡᠩ ᠲᠡᠷᠢᠭᠦᠨ ᠳᠤ᠂ ᠭᠡᠷ ᠪᠦᠯᠢ ᠶᠢᠨ ᠬᠥᠮᠦᠵᠢᠯ ᠲᠤᠩ ᠴᠢᠬᠤᠯᠠ᠂ ᠬᠠᠶᠢᠷ᠎ᠠ ᠪᠢᠯᠬᠠᠭᠰᠠᠨ ᠭᠡᠷ ᠪᠦᠯᠢ ᠶᠢᠨ ᠠᠭᠤᠷ ᠠᠮᠢᠰᠬᠤᠯ ᠢ ᠴᠢᠷᠮᠠᠶᠢᠨ ᠡᠭᠦᠳᠬᠦ ᠴᠢᠬᠤᠯᠠᠲᠠᠢ᠃ ᠰᠦᠯᠵᠢᠶ᠎ᠡ ᠶᠢ ᠬᠡᠷᠡᠭᠯᠡᠬᠦ ᠶᠢ ᠪᠠᠭᠠᠰᠬᠠᠨ᠂ ᠪᠤᠰᠤᠳ ᠠᠴᠢ ᠲᠤᠰᠠ ᠲᠠᠢ ᠠᠵᠢᠯᠯᠠᠭ᠎ᠠ ᠶᠢ ᠨᠡᠮᠡᠭᠳᠡᠭᠦᠯᠬᠦ ᠴᠢᠬᠤᠯᠠᠲᠠᠢ᠃ ᠰᠤᠷᠭᠠᠭᠤᠯᠢ ᠶᠢᠨ ᠬᠥᠮᠦᠵᠢᠯ ᠤᠨ ᠲᠠᠯ᠎ᠠ ᠪᠠᠷ ᠠᠪᠴᠤ ᠬᠡᠯᠡᠪᠡᠯ᠂ ᠬᠡᠦᠬᠡᠳ ᠢ ᠡᠷᠡᠭᠦᠯ ᠰᠠᠷᠠᠭᠤᠯ ᠬᠥᠮᠥᠨᠴᠢ ᠴᠢᠨᠠᠷ  ᠲᠠᠢ ᠪᠣᠯᠭᠠᠨ ᠬᠥᠭᠵᠢᠭᠦᠯᠬᠦ ᠶᠢ ᠠᠩᠬᠠᠷᠴᠤ᠂ ᠡᠯᠪᠡᠭ ᠪᠠᠶᠠᠯᠢᠭ ᠬᠢᠴᠢᠶᠡᠯ ᠤᠨ ᠭᠠᠳᠠᠨᠠᠬᠢ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠤᠷᠤᠬᠴᠢᠳ ᠤᠨ ᠤᠯᠠᠨ ᠲᠠᠯ᠎ᠠ ᠶᠢᠨ ᠳᠤᠷ᠎ᠠ ᠪᠠᠬ᠎ᠠ ᠶᠢ ᠬᠥᠮᠥᠵᠢᠭᠦᠯᠦᠨ᠂ ᠰᠤᠷᠭᠠᠭᠤᠯᠢ ᠳᠡᠭᠡᠷ᠎ᠡ ᠭᠠᠷ ᠤᠲᠠᠰᠤ ᠬᠡᠷᠡᠭᠯᠡᠬᠦ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠰᠤᠷᠤᠬᠴᠢᠳ ᠤᠨ ᠬᠠᠤᠯᠢ ᠴᠠᠭᠠᠵᠠ ᠪᠣᠯᠣᠨ ᠳᠦᠷᠢᠮ ᠲᠣᠭᠲᠠᠭᠠᠯ ᠤᠨ ᠤᠬᠠᠮᠰᠠᠷ ᠢ ᠴᠢᠩᠭᠠᠳᠬᠠᠬᠤ ᠴᠢᠬᠤᠯᠠᠲᠠᠢ᠃ ᠡᠯ᠎ᠡ ᠡᠭᠦᠷᠭᠡ ᠴᠢᠳᠠᠪᠬᠢᠲᠤ ᠪᠠᠶᠢᠭᠤᠯᠭ᠎ᠠ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠴᠤ ᠰᠦᠯᠵᠢᠶᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠂ ᠰᠦᠯᠵᠢᠶᠡᠨ ᠤ ᠪᠠᠭᠠᠷ ᠤᠨ ᠠᠵᠢᠯ ᠲᠦᠷᠤᠯ ᠤᠨ ᠡᠵᠡᠩᠨᠡᠯᠲᠡ ᠬᠠᠮᠢᠶᠠᠷᠤᠯᠲᠠ ᠶᠢ ᠳᠦᠷᠢᠮᠵᠢᠭᠦᠯᠬᠦ ᠶᠢ ᠢᠳᠡᠪᠬᠢᠲᠡᠢ ᠠᠬᠢᠭᠤᠯᠬᠤ ᠴᠢᠬᠤᠯᠠᠲᠠᠢ ᠶᠤᠮ᠃    ᠡᠶᠢᠮᠦ ᠠᠴᠠ ᠪᠢᠳᠠᠨ ᠤ ᠠᠮᠢᠳᠤᠷᠠᠯ ᠲᠠᠢ ᠨᠢᠭᠲᠠ ᠬᠠᠷᠢᠴᠠᠭ᠎ᠠ ᠲᠠᠢ ᠪᠣᠯᠤᠭᠰᠠᠨ ᠭᠠᠷ ᠤᠲᠠᠰᠤ ᠪᠠᠨ ᠵᠦᠢᠲᠡᠢ ᠠᠰᠢᠭᠯᠠᠵᠤ᠂ ᠪᠡᠶ᠎ᠡ ᠮᠠᠬᠠᠪᠤᠳ ᠲᠤ ᠮᠠᠭᠤ ᠨᠥᠯᠥᠭᠡ ᠪᠣᠯᠵᠤ ᠪᠠᠶᠢᠭ᠎ᠠ ᠶᠢ ᠠᠩᠬᠠᠷᠤᠯ ᠳᠠᠭᠠᠨ ᠠᠪᠬᠤ ᠬᠡᠷᠡᠭᠲᠡᠢ︕ ᠮᠠᠨ ᠤ ᠭᠡᠷ ᠤᠨ ᠠᠬᠠᠮᠠᠳ ᠪᠣᠯᠣᠭᠰᠠᠳ ︽ᠭᠡᠷ ᠪᠦᠯᠢ ᠪᠣᠯ ᠬᠡᠦᠬᠡᠳ ᠤᠨ ᠬᠠᠮᠤᠭ ᠤᠨ ᠠᠩᠬᠠᠨ ᠤ ᠰᠤᠷᠭᠠᠭᠤᠯᠢ᠂ ᠮᠥᠨ ᠴᠤ ᠨᠠᠰᠤᠨ ᠲᠤᠷᠰᠢᠲᠠ ᠶᠢᠨ ᠰᠤᠷᠭᠠᠭᠤᠯᠢ᠂ ᠠᠪᠤ ᠡᠵᠢ ᠪᠣᠯ ᠬᠡᠦᠬᠡᠳ ᠤᠨ ᠬᠠᠮᠤᠭ ᠠᠩᠬᠠᠨ ᠤ ᠪᠠᠭᠰᠢ᠂ ᠮᠥᠨ ᠴᠤ ᠨᠠᠰᠤᠨ ᠲᠤᠷᠰᠢᠲᠠ ᠶᠢᠨ ᠪᠠᠭᠰᠢ︾ ᠪᠤᠯᠬᠤ ᠶᠣᠰᠣᠨ ᠢ ᠤᠬᠠᠭᠠᠷᠠᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠬᠡᠦᠬᠡᠳ ᠤᠨ ᠦᠰᠤᠨ ᠪᠤᠶᠢᠵᠢᠯᠳᠠ ᠶᠢᠨ ᠶᠠᠪᠤᠴᠠ ᠳᠤ ᠴᠠᠭ ᠢᠮᠠᠭᠲᠠ ᠠᠩᠬᠠᠷᠤᠯ ᠢᠶᠠᠨ ᠬᠠᠨᠳᠤᠭᠤᠯᠵᠤ᠂ ᠭᠠᠷ ᠤᠲᠠᠰᠤ ᠪᠠᠨ ᠲᠠᠳᠠᠨ ᠠᠴᠠ ᠬᠤᠯᠠᠬᠠᠨ ᠪᠠᠶᠢᠯᠭᠠᠶ᠎ᠠ᠃
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号