ᠭᠠᠷ ᠤᠲᠠᠰᠤ ᠬᠡᠷᠡᠭᠯᠡᠬᠦ  ᠳᠡᠭᠡᠨ ᠡᠳᠠᠭᠡᠷ ᠳᠠᠳᠬᠠᠯ ᠢ ᠲᠡᠪᠴᠢᠬᠦ ᠬᠡᠷᠡᠭᠲᠡᠢ
ᠨᠡᠶᠢᠲᠡᠯᠡᠭᠰᠡᠨ ᠴᠠᠭ᠄
2024/8/2
    ᠨᠢᠭᠡ᠂ ᠨᠢᠭᠤᠴᠠᠯᠠᠭᠰᠠᠨ ᠦᠭᠡᠢ WiFi ᠢ ᠬᠡᠷᠡᠭᠯᠡᠬᠦ    ᠨᠢᠭᠤᠴᠠᠯᠠᠭᠰᠠᠨ ᠦᠭᠡᠢ WiFi ᠠᠮᠤᠷ ᠲᠦᠪᠰᠢᠨ ᠪᠤᠰᠤ ᠪᠠᠶᠢᠳᠠᠭ ᠶᠤᠮ᠃ ᠬᠠᠤᠯᠢ ᠪᠤᠰᠤ ᠡᠲᠡᠭᠡᠳ ᠡᠭᠦᠨ  ᠢᠶᠠᠷ ᠲᠠᠮᠵᠢᠨ ᠪᠤᠰᠤᠳ ᠤᠨ ᠰᠤᠷᠠᠭ ᠴᠢᠮᠡᠭᠡ ᠶᠢ ᠣᠯᠳᠠᠭ ᠪᠠᠶᠢᠨ᠎ᠠ᠃ ᠡᠶᠢᠮᠦ ᠠᠴᠠ ᠤᠯᠠᠨ ᠨᠠᠶᠢᠳᠠ ᠶᠢᠨ ᠲᠠᠯᠠᠪᠤᠷ  ᠲᠤ ᠦᠯᠤ ᠲᠠᠨᠢᠬᠤ ᠨᠢᠭᠤᠴᠠᠯᠠᠭᠰᠠᠨ ᠦᠭᠡᠢ WiFi ᠢ ᠬᠡᠷᠡᠭᠯᠡᠬᠦ ᠦᠭᠡᠢ ᠪᠣᠯ ᠬᠠᠮᠤᠭ ᠰᠠᠶᠢᠨ᠃    ᠬᠤᠶᠠᠷ᠂ ᠢᠷᠡᠯᠲᠡ ᠨᠢ ᠲᠣᠳᠣᠷᠬᠠᠢ ᠦᠭᠡᠢ ᠬᠤᠶᠠᠷ ᠬᠡᠮᠵᠢᠯᠲᠦ ᠺᠣᠳ᠋ ᠲᠤ ᠵᠠᠯᠭᠠᠬᠤ    ᠬᠤᠶᠠᠷ ᠬᠡᠮᠵᠢᠯᠲᠦ ᠺᠣᠳ᠋ ᠲᠤ ᠮᠠᠰᠢ ᠤᠯᠠᠨ ᠰᠤᠷᠠᠭ ᠵᠠᠩᠭᠢ ᠶᠢ ᠪᠠᠭᠲᠠᠭᠠᠵᠤ ᠪᠤᠯᠳᠠᠭ᠃ ᠵᠢᠱᠢᠶᠡᠯᠡᠪᠡᠯ ᠨᠢᠭᠡ ᠰᠦᠯᠵᠢᠶᠡᠨ ᠤ ᠨᠢᠭᠤᠷ᠂ ᠨᠡᠷ᠎ᠡ ᠶᠢᠨ ᠬᠠᠭᠤᠳᠠᠰᠤ ᠬᠢᠭᠡᠳ ᠬᠡᠰᠡᠭ ᠦᠭᠡ ᠦᠰᠦᠭ ᠵᠡᠷᠭᠡ ᠪᠦᠷ ᠪᠣᠯᠣᠨ᠎ᠠ᠃ ᠡᠶᠢᠮᠦ  ᠠᠴᠠ ᠲᠠᠷᠠ ᠬᠦ ᠬᠤᠶᠠᠷ ᠬᠡᠮᠵᠢᠯᠲᠦ ᠺᠣᠳ᠋ ᠨᠢ ᠬᠠᠤᠯᠢ ᠪᠤᠰᠤ ᠡᠲᠡᠭᠡᠳ ᠲᠤ ᠵᠠᠪᠰᠢᠶᠠᠨ ᠣᠯᠭᠤᠵᠤ᠂ ᠭᠠᠷ ᠤᠲᠠᠰᠤᠨ ᠤ ᠸᠢᠷᠦ᠋ᠰ᠂ ᠮᠡᠬᠡᠯᠡᠬᠦ ᠴᠢᠨᠠᠷᠲᠠᠢ ᠰᠦᠯᠵᠢᠶᠡᠨ ᠦᠷᠳᠡᠭᠡ ᠶᠢ ᠲᠠᠷᠬᠠᠭᠠᠬᠤ ᠰᠢᠨ᠎ᠡ ᠠᠷᠭ᠎ᠠ ᠵᠠᠮ ᠪᠤᠯᠬᠤ ᠶᠤᠮ᠃ ᠤᠯᠠᠨ ᠢᠶᠠᠷ ᠢᠶᠠᠨ ᠦᠯᠤ ᠲᠠᠨᠢᠬᠤ ᠬᠤᠶᠠᠷ ᠬᠡᠮᠵᠢᠯᠲᠦ ᠺᠣᠳ᠋ ᠢ ᠣᠯᠵᠤ ᠦᠵᠡᠪᠡᠯ ᠪᠢᠲᠡᠭᠡᠢ ᠰᠢᠷᠪᠢᠭᠡᠷᠡᠢ᠂ ᠤᠷᠢᠳ ᠢᠶᠠᠷ ᠰᠢᠯᠭᠠᠨ ᠪᠠᠲᠤᠯᠠᠵᠤ ᠠᠮᠤᠷ ᠲᠦᠪᠰᠢᠨ ᠡᠰᠡᠬᠦ ᠶᠢ ᠦᠵᠡᠭᠡᠷᠡᠢ᠃    ᠭᠤᠷᠪᠠ᠂ ᠴᠡᠨᠡᠭᠯᠡᠬᠦ ᠶᠢᠨ ᠳᠠᠭᠠᠤ ᠤᠲᠠᠰᠤᠳᠠᠬᠤ ᠲᠣᠭᠯᠠᠭᠠᠮ ᠨᠠᠭᠠᠳᠬᠤ    ᠲᠣᠭᠯᠠᠭᠠᠮ ᠨᠠᠭᠠᠳᠬᠤ ᠪᠤᠶᠤ ᠤᠲᠠᠰᠤᠳᠠᠵᠤ ᠪᠠᠶᠢᠭᠠᠳ ᠴᠡᠨᠡᠭᠯᠡᠬᠦ ᠨᠢ ᠪᠦᠷ ᠭᠠᠷ ᠤᠲᠠᠰᠤᠨ ᠤ ᠳᠠᠭᠠᠭᠠᠴᠠ ᠶᠢ ᠨᠡᠮᠡᠭᠳᠡᠭᠦᠯᠳᠡᠭ᠃ ᠡᠶᠢᠮᠦ ᠠᠴᠠ ᠭᠠᠷ ᠤᠲᠠᠰᠤ ᠪᠠᠨ ᠴᠡᠨᠡᠭᠯᠡᠵᠦ ᠪᠠᠶᠢᠬᠤ ᠳᠠᠭᠠᠨ ᠤᠲᠠᠰᠤᠳᠠᠬᠤ ᠦᠭᠡᠢ ᠪᠤᠶᠤ ᠲᠣᠭᠯᠠᠭᠠᠮ ᠨᠠᠭᠠᠳᠬᠤ ᠦᠭᠡᠢ ᠪᠠᠶᠢᠬᠤ ᠶᠢ ᠰᠠᠨᠠᠭᠤᠯᠤᠶ᠎ᠠ᠃   ᠳᠥᠷᠪᠡ᠂ ᠤᠷᠳᠤ ᠬᠤᠭᠤᠴᠠᠭ᠎ᠠ ᠤᠲᠠᠰᠤᠳᠠᠬᠤ    ᠭᠠᠷ ᠤᠲᠠᠰᠤᠨ ᠤ ᠣᠶᠢᠯᠲᠠ ᠬᠡᠳᠦᠨ ᠬᠤᠭᠤᠴᠠᠭ᠎ᠠ ᠳᠤ ᠭᠡᠳᠤ ᠶᠡᠭᠡ ᠪᠠᠶᠢᠳᠠᠭ᠃ ᠨᠢᠭᠡ ᠨᠢ ᠤᠲᠠᠰᠤᠳᠠᠭᠰᠠᠨ ᠳᠤ ᠨᠡᠪᠲᠡᠷᠡᠭᠡᠳᠦᠢ ᠬᠤᠭᠤᠴᠠᠭ᠎ᠠ᠃ ᠬᠤᠶᠠᠷ ᠲᠤ ᠤᠲᠠᠰᠤ ᠰᠠᠶ᠋ᠢᠬᠠᠨ ᠨᠡᠪᠳᠠᠷᠠᠨ ᠣᠷᠣᠵᠤ ᠢᠷᠡᠭᠰᠡᠨ ᠦᠶ᠎ᠡ ᠪᠣᠯᠣᠨ᠎ᠠ᠃ ᠡᠶᠢᠮᠦ ᠠᠴᠠ ᠤᠷᠳᠤ ᠬᠤᠭᠤᠴᠠᠭ᠎ᠠ ᠤᠲᠠᠰᠤᠳᠠᠬᠤ ᠦᠭᠡᠢ ᠪᠠᠶᠢᠬᠤ ᠬᠡᠷᠡᠭᠲᠡᠢ᠃ ᠬᠡᠷᠪᠡ ᠤᠷᠳᠤ ᠬᠤᠭᠤᠴᠠᠭ᠎ᠠ ᠤᠲᠠᠰᠤᠳᠠᠶ᠎ᠠ ᠭᠡᠪᠡᠯ ᠬᠠᠮᠤᠭ ᠰᠠᠶᠢᠨ ᠨᠢ ᠰᠣᠨᠣᠰᠤᠭᠤᠷ ᠬᠡᠷᠡᠭᠯᠡᠭᠡᠷᠡᠢ᠃    ᠲᠠᠪᠤ᠂ ᠭᠠᠷ ᠤᠲᠠᠰᠤ ᠪᠠᠨ ᠳᠡᠷ᠎ᠡ ᠶᠢᠨ ᠢᠶᠠᠨ ᠬᠠᠵᠠᠭᠤ ᠳᠤ ᠲᠠᠯᠪᠢᠵᠤ ᠤᠨᠲᠠᠬᠤ    ᠭᠠᠷ ᠤᠲᠠᠰᠤ ᠬᠢᠭᠡᠳ ᠬᠥᠮᠥᠨ ᠤ ᠪᠡᠶ᠎ᠡ ᠶᠢᠨ ᠬᠤᠭᠤᠷᠤᠨᠳᠤᠭᠢ ᠵᠠᠢ ᠨᠢ ᠬᠥᠮᠥᠨ ᠤ ᠪᠡᠶ᠎ᠡ ᠶᠢᠨ ᠣᠶᠢᠯᠲᠠ ᠶᠢ ᠰᠢᠩᠭᠡᠭᠡᠬᠦ ᠬᠡᠮᠵᠢᠶ᠎ᠡ ᠶᠢ ᠲᠣᠭᠲᠠᠭᠠᠳᠠᠭ᠃ ᠤᠨᠲᠠᠭᠰᠠᠨ ᠦᠶ᠎ᠡ ᠳᠤ ᠬᠥᠮᠥᠨ ᠤ ᠪᠡᠶ᠎ᠡ ᠮᠠᠬᠠᠪᠤᠳ ᠤᠨ ᠰᠡᠷᠭᠡᠶᠢᠯᠡᠵᠦ ᠬᠠᠮᠠᠭᠠᠯᠠᠬᠤ ᠴᠢᠳᠠᠪᠬᠢ ᠴᠤ ᠬᠠᠮᠤᠭ ᠪᠠᠭᠤᠷᠠᠢ ᠪᠠᠶᠢᠳᠠᠭ᠃ ᠡᠶᠢᠮᠦ ᠠᠴᠠ ᠭᠠᠷ ᠤᠲᠠᠰᠤ ᠪᠠᠨ ᠳᠡᠷ᠎ᠡ ᠶᠢᠨ ᠢᠶᠠᠨ ᠬᠠᠵᠠᠭᠤ ᠳᠤ ᠪᠢᠲᠡᠭᠡᠢ ᠲᠠᠯᠪᠢᠭᠠᠷᠠᠢ᠃
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号