ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠤᠤᠯᠯᠠᠭᠴᠢ ᠬᠦᠴᠦᠨ ᠤ ᠪᠣᠯᠪᠠᠰᠤᠷᠠᠯ ᠤᠨ ᠠᠩᠭᠢ ᠬᠦᠷᠢᠶ᠎ᠡ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 20 ᠤ ᠡᠳᠦᠷ᠂ ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠤᠤᠯᠯᠠᠭᠴᠢ ᠬᠦᠴᠦᠨ ᠤ ᠪᠣᠯᠪᠠᠰᠤᠷᠠᠯ ᠤᠨ ᠠᠩᠭᠢ ᠬᠦᠷᠢᠶ᠎ᠡ ᠬᠤᠰᠢᠭᠤᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠸᠠᠩ ᠭᠤᠸᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠱᠦ ᠯᠢᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠵᠢᠴᠢ ᠭᠤᠤᠯᠯᠠᠭᠴᠢ ᠬᠦᠴᠦᠲᠡᠳ ᠪᠣᠯᠪᠠᠰᠤᠷᠠᠯ ᠳᠤ ᠣᠷᠣᠯᠴᠠᠪᠠ᠃    ᠸᠠᠩ ᠭᠤᠸᠠᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠦᠨᠵᠡᠭᠡᠶᠢᠷᠡᠨ ᠥᠷᠭᠡᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ ᠲᠥᠪᠯᠡᠷᠡᠭᠦᠯᠦᠨ ᠬᠦᠴᠦᠯᠡᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ᠂ ᠵᠢᠭᠰᠠᠭᠠᠯ ᠤᠨ ᠭᠠᠵᠠᠷ ᠢ ᠥᠷᠭᠡᠳᠬᠡᠬᠦ᠂ ᠪᠣᠯᠪᠠᠰᠤᠨ ᠤ ᠦᠢᠯᠡᠳᠦᠯᠭᠡ ᠵᠡᠷᠭᠡ ᠠᠵᠢᠯ ᠢ ᠦᠨᠡᠨᠬᠦ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠣᠯᠪᠠᠰᠤᠷᠠᠯ ᠳᠤ ᠣᠷᠣᠯᠴᠠᠭᠰᠠᠨ ᠪᠦᠬᠦ ᠰᠤᠷᠤᠭᠴᠢᠳ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠦᠨᠡᠨᠴᠢ ᠰᠢᠳᠤᠷᠭᠤ ᠪᠠᠷ ᠴᠢᠷᠮᠠᠶᠢᠨ ᠭᠦᠢᠴᠡᠳᠬᠡᠵᠦ᠂ ᠰᠤᠷᠤᠯᠴᠠᠪᠠᠯ ᠰᠡᠳᠭᠢᠬᠦ᠂ ᠰᠤᠷᠤᠯᠴᠠᠪᠠᠯ ᠣᠯᠬᠤ᠂ ᠰᠤᠷᠤᠯᠴᠠᠪᠠᠯ ᠬᠦᠷᠲᠡᠬᠦ᠂ ᠰᠤᠷᠤᠯᠴᠠᠪᠠᠯ ᠬᠡᠷᠡᠭᠯᠡᠬᠦ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠰᠠᠶᠢᠲᠤᠷ ᠬᠢᠬᠦ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ᠃    ᠲᠤᠰ ᠤᠳᠠᠭ᠎ᠠ ᠶᠢᠨ ᠪᠣᠯᠪᠠᠰᠤᠷᠠᠯ ᠨᠢ 3 ᠡᠳᠦᠷ ᠶᠠᠪᠤᠭᠳᠠᠵᠤ᠂ ᠲᠤᠰᠬᠠᠢ ᠰᠡᠳᠦᠪᠲᠦ ᠲᠠᠶᠢᠯᠤᠮᠵᠢ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠲᠤᠷᠰᠢᠯᠭ᠎ᠠ ᠰᠣᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠲᠤᠬᠠᠢ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠯ ᠳᠤ ᠣᠷᠣᠯᠴᠠᠭᠰᠠᠳ ᠲᠤ ᠪᠣᠯᠪᠠᠰᠤᠷᠠᠯ ᠬᠦᠷᠲᠡᠭᠡᠬᠦ ᠪᠣᠯᠤᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号