8 ᠰᠠᠷ᠎ᠠ ᠶᠢᠨ 20 ᠤ ᠡᠳᠦᠷ᠂ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠲᠦᠩᠯᠢᠶᠣᠤ | ᠬᠤᠲᠠ ᠶᠢᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠲᠥᠷᠥᠯ ᠵᠦᠢᠯ ᠤᠨ ᠵᠠᠰᠠᠭ ᠪᠠᠩᠬᠢ ᠶᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠪᠠ᠃ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ ᠶᠢᠨ ᠳᠠᠷᠤᠭ᠎ᠠ ᠪᠠᠶ ᠯᠢ ᠵᠢᠶᠦ᠋ᠨ᠂ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠸᠠᠩ ᠸᠧᠶ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠸᠠᠩ ᠸᠧᠶ ᠬᠦᠷᠢᠶ᠎ᠡ ᠬᠤᠰᠢᠭᠤᠨ ᠤ ᠭᠠᠵᠠᠷ ᠰᠢᠷᠣᠶ ᠶᠢ ᠶᠡᠷᠦᠩᠬᠡᠶᠢᠯᠡᠨ | ᠴᠡᠭᠴᠡᠯᠡᠨ ᠵᠠᠰᠠᠬᠤ ᠲᠥᠷᠥᠯ ᠵᠦᠢᠯ ᠤᠨ ᠬᠠᠮᠢᠶ᠎ᠠ ᠪᠥᠬᠦᠶ ᠪᠠᠶᠢᠳᠠᠯ ᠢ ᠲᠣᠪᠴᠢ ᠲᠠᠨᠢᠯᠴᠠᠭᠤᠯᠵᠤ᠂ ᠬᠤᠷᠠᠯ ᠳᠤ | ᠣᠷᠣᠯᠴᠠᠭᠰᠠᠳ ᠬᠦᠷᠢᠶ᠎ᠡ ᠬᠤᠰᠢᠭᠤᠨ ᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠵᠤ᠂ | ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠭᠦᠨᠵᠡᠭᠡᠢ ᠵᠣᠯᠭᠠᠭᠤᠯᠪᠠ᠃ | ᠬᠤᠷᠠᠯ ᠳᠡᠭᠡᠷ᠎ᠡ ᠸᠠᠩ ᠸᠧᠶ ᠢᠯᠡᠷᠬᠡᠶᠢᠯᠡᠬᠦ ᠳᠡᠭᠡᠨ᠂ ᠬᠦᠷᠢᠶ᠎ᠡ ᠬᠤᠰᠢᠭᠤ ᠬᠤᠰᠢᠭᠤᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠡᠭᠦᠷᠭᠡ ᠬᠠᠷᠠᠯᠲᠠ ᠪᠠᠨ ᠦᠨᠳᠦᠰᠦᠯᠡᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ | ᠡᠮᠬᠢᠯᠡᠬᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠮᠬᠢᠯᠡᠬᠦ᠂ ᠬᠥᠳᠡᠭᠡ ᠲᠣᠰᠬᠤᠨ ᠤ ᠠᠮᠢ ᠠᠬᠤᠶ ᠶᠢ | ᠬᠠᠮᠠᠭᠠᠯᠠᠨ ᠰᠡᠷᠭᠦᠭᠡᠬᠦ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠲᠥᠷᠥᠯ ᠵᠦᠢᠯ ᠢ ᠲᠣᠭᠲᠠᠭᠠᠵᠤ᠂ ᠭᠠᠵᠠᠷ | ᠰᠢᠷᠣᠶ ᠶᠢᠨ ᠠᠰᠢᠭᠯᠠᠯᠲᠠ ᠶᠢᠨ ᠳᠠᠯᠳᠠ ᠬᠦᠴᠦᠨ ᠢ ᠠᠭᠤᠳᠠᠯᠤᠨ᠂ ᠭᠠᠵᠠᠷ ᠰᠢᠷᠣᠶ ᠶᠢᠨ ᠠᠰᠢᠭᠯᠠᠯᠲᠠ ᠶᠢᠨ ᠣᠷᠣᠨ | ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠪᠦᠬᠦᠯᠢ ᠴᠣᠭᠴᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠣᠷᠣᠨ ᠪᠦᠰᠡ ᠶᠢᠨ ᠭᠠᠵᠠᠷ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠬᠥᠭᠵᠢᠭᠦᠯᠦᠯᠲᠡ ᠶᠢᠨ ᠲᠦᠩᠯᠢᠶᠣᠤ ᠶᠢᠨ ᠬᠤᠪᠢᠶᠠᠷᠢ ᠪᠠᠩᠬᠢ ᠭᠠᠵᠠᠷ | ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠭᠠᠵᠠᠷ | ᠰᠢᠷᠣᠶ ᠶᠢᠨ ᠨᠡᠮᠡᠭᠳᠡᠯ ᠬᠠᠰᠤᠭᠳᠠᠯ ᠵᠡᠷᠭᠡ ᠲᠠᠯ᠎ᠠ ᠪᠠᠷ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠪᠠᠨ ᠲᠠᠰᠤᠷᠠᠯᠲᠠ | ᠥᠬᠡᠶ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠡᠷᠴᠢᠮ ᠢᠶᠠᠨ ᠴᠢᠩᠭᠠᠷᠠᠭᠤᠯᠵᠤ᠂ ᠬᠦᠷᠢᠶ᠎ᠡ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠶᠡᠬᠡᠪᠡᠷ ᠳᠡᠮᠵᠢᠬᠦ ᠶᠢ | ᠬᠦᠰᠡᠵᠦ ᠪᠠᠶᠢᠨ᠎ᠠ ᠭᠡᠵᠡᠢ᠃ ᠡᠭᠦᠨ ᠤ ᠬᠠᠮᠲᠤ ᠬᠤᠰᠢᠭᠤᠨ ᠤ ᠲᠠᠷᠢᠶᠠᠯᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠲᠠᠷᠢᠶᠠᠯᠠᠩ ᠤᠨ ᠬᠥᠭᠵᠢᠭᠦᠯᠦᠯᠲᠡ ᠶᠢᠨ ᠲᠦᠩᠯᠢᠶᠣᠤ | ᠬᠤᠲᠠ ᠶᠢᠨ ᠬᠤᠪᠢᠶᠠᠷᠢ ᠪᠠᠩᠬᠢ ᠯᠤᠭ᠎ᠠ ᠵᠣᠯᠭᠠᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠵᠠᠷ ᠰᠢᠷᠣᠶ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠲᠥᠷᠥᠯ ᠵᠦᠢᠯ ᠤᠨ | ᠠᠬᠢᠴᠠ ᠶᠢ ᠴᠢᠩᠭ᠎ᠠ ᠠᠩᠬᠠᠷᠴᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠪᠠᠢ ᠯᠢ ᠵᠢᠶᠦ᠋ᠨ᠂ ᠲᠠᠷᠢᠶᠠᠯᠠᠩ ᠤᠨ ᠬᠥᠭᠵᠢᠭᠦᠯᠦᠯᠲᠡ ᠶᠢᠨ ᠲᠦᠩᠯᠢᠶᠣᠤ ᠬᠤᠳᠠ ᠶᠢᠨ ᠬᠤᠪᠢᠶᠠᠷᠢ ᠪᠠᠩᠬᠢ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠰᠠᠭᠤᠷᠢ ᠥᠩᠭᠡ ᠶᠢ ᠦᠷᠭᠦᠯᠵᠢᠯᠡᠨ | ᠭᠡᠷᠡᠯᠳᠦᠬᠦᠯᠵᠦ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠥᠭᠦᠷᠭᠡ ᠪᠤᠯᠵᠤ᠂ ᠭᠠᠵᠠᠷ ᠰᠢᠷᠣᠢ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠲᠦᠷᠦ ᠶᠢᠨ ᠪᠤᠳᠤᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠪᠡᠯᠡ | ᠮᠥᠩᠭᠦ ᠴᠤᠭᠯᠠᠭᠤᠯᠬᠤ ᠲᠥᠰᠦᠯ ᠤᠨ ᠰᠡᠳᠬᠢᠴᠡ ᠶᠢ ᠬᠠᠩᠭᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ | ᠥᠨᠳᠥᠷ ᠪᠦᠲᠦᠮᠵᠢᠲᠡᠢ ᠪᠠᠷ ᠵᠢᠭᠡᠯᠡᠯᠭᠡ ᠲᠠᠯᠪᠢᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠨ | ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠪᠠ ᠠᠵᠤ ᠠᠬᠤᠢ | ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ | | | |