ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠵᠧᠤ ᠯᠢᠶᠠᠩ ᠶᠤᠸᠠᠨ᠂ ᠵᠠᠩ ᠬᠠᠨ ᠰᠥᠩ᠂ ᠵᠣᠣ ᠭᠠᠩ᠂ ᠮᠠ ᠬᠠᠶ ᠪᠢᠨ᠂ ᠯᠢᠦ ᠲᠢᠶᠠᠨ ᠢ᠂ ᠴᠢᠨ ᠶᠠᠨ᠂ ᠯᠢ ᠢᠦᠶ ᠯᠢᠨ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠠᠴᠠ᠂ ᠡᠨᠡ ᠵᠢᠯ ᠪᠣᠯ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠳᠥᠷᠪᠡᠳᠦᠭᠡᠷ ᠵᠢᠯ᠂ ᠠᠵᠢᠯ ᠢ ᠪᠦᠲᠦᠮᠵᠢᠲᠡᠢ ᠵᠣᠯᠭᠠᠭᠤᠯᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠲᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠦᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠡᠷᠢᠭᠦᠨ ᠬᠠᠷᠢᠭᠤᠴᠠᠯᠭ᠎ᠠ ᠶᠢ ᠡᠭᠦᠷᠭᠡᠯᠡᠵᠦ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠵᠢᠯᠣᠭᠤᠳᠴᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ ᠲᠥᠪ ᠴᠢᠩᠭ᠎ᠠ ᠬᠠᠨᠳᠤᠵᠤ᠂ ᠳᠤᠲᠠᠭᠤᠳᠠᠯ ᠪᠠᠭᠤᠷᠠᠢ ᠲᠠᠯ᠎ᠠ ᠶᠢ ᠡᠮᠬᠢᠯᠡᠨ ᠨᠥᠬᠦᠪᠦᠷᠢᠯᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠠᠷᠢᠯᠭᠠᠵᠤ᠂ ᠥᠪᠡᠷ ᠢ ᠪᠠᠨ ᠭᠦᠨᠵᠡᠭᠡᠢ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠦᠬᠦᠯᠢ ᠴᠣᠭᠴᠠ ᠶᠢᠨ ᠳᠠᠶᠢᠯᠠᠯᠳᠤᠭᠠᠨ᠂ ᠪᠡᠶ᠎ᠡ ᠤᠷᠪᠠᠭ᠋ᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠢᠯ ᠤᠨ ᠲᠤᠬᠢᠷᠠᠭᠤᠯᠤᠯᠳᠠ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠠᠳᠬᠤᠵᠤ᠂ ᠨᠢᠭᠡ ᠭᠠᠷᠠᠭ ᠲᠤ ᠨᠢᠭᠡ ᠤᠳᠠᠭ᠎ᠠ ᠲᠤᠬᠢᠷᠠᠭᠤᠯᠬᠤ ᠶᠢ ᠦᠨᠡᠨᠬᠦ ᠪᠡᠶᠡᠯᠡᠭᠦᠯᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ ᠪᠠ ᠦᠢᠯᠡᠴᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ ᠶᠢ ᠪᠠᠷᠢᠮᠲᠠᠯᠠᠨ᠂ ᠬᠠᠨᠲᠤᠰᠢ ᠳᠤᠨᠢ ᠳᠣᠭᠢᠷᠠᠭᠤᠯᠤᠨ ᠴᠢᠳᠠᠮᠠᠭᠠᠢ ᠪᠠᠷ ᠵᠢᠯᠣᠭᠤᠳᠬᠤ ᠶᠢ ᠴᠢᠩᠭᠠᠳᠬᠠᠵᠤ᠂ ᠬᠦᠷᠢᠶ᠎ᠡ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠲᠣᠰ ᠪᠡᠶ᠎ᠡ ᠶᠢᠨ ᠳᠠᠪᠠᠭᠤᠯᠢᠭ᠂ ᠶᠡᠭᠡ ᠲᠠᠯ᠎ᠠ ᠳᠤ ᠦᠢᠯᠡᠴᠢᠯᠡᠬᠦ ᠬᠡᠷᠡᠭᠴᠡᠭᠡ ᠪᠠᠨ ᠪᠠᠳᠠᠷᠠᠭᠤᠯᠵᠤ᠂ ᠨᠢᠭᠡ ᠪᠦᠯᠦᠭ ᠤᠨᠴᠠᠯᠢᠬᠳᠤ ᠠᠵᠤ ᠦᠢᠯᠡᠰ ᠵᠢᠴᠢ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠠᠬᠢᠭᠤᠯᠵᠤ᠂ ᠲᠡᠤᠬᠡ ᠪᠠ ᠣᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠣᠪᠣᠷ ᠢᠶᠠᠨ ᠲᠥᠪ ᠪᠣᠯᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠭᠤᠷᠠᠬᠤ ᠦᠭᠡᠢ᠂ ᠡᠷᠴᠢ ᠵᠣᠷᠢᠭ ᠰᠤᠯᠠᠷᠠᠬᠤ ᠦᠭᠡᠢ᠂ ᠡᠷᠴᠢᠮ ᠰᠤᠯᠠᠷᠠᠬᠤ ᠦᠭᠡᠢ ᠪᠠᠶᠢᠬᠤ ᠶᠢ ᠪᠠᠲᠤᠯᠠᠵᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠵᠢᠯ ᠢᠶᠠᠨ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠳᠡᠭᠡᠷ᠎ᠡ᠂ ᠬᠦᠷᠢᠶ᠎ᠡ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号