ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠪᠦᠬᠦᠳᠡ ᠬᠤᠷᠠᠯ ᠬᠤᠷᠠᠯᠳᠤᠪᠠ᠃ ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠧᠦ ᠯᠢᠶᠠᠩ ᠶᠤᠸᠠᠨ ᠶᠠᠷᠢᠶ᠎ᠠ ᠲᠠᠯᠪᠢᠪᠠ᠃    ᠵᠧᠦ ᠯᠢᠶᠠᠩ ᠶᠤᠸᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ   ᠦᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠣᠳᠣᠬᠢᠴᠢᠯᠠᠭᠰᠠᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠲᠥᠰᠦᠯ︾ ᠢ ᠲᠤᠭᠤᠷᠪᠢᠭᠰᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃    ᠡᠨᠡ ᠤᠳᠠᠭ᠎ᠠ ᠶᠢᠨ ᠪᠥᠬᠦᠳᠡ ᠬᠤᠷᠠᠯ ᠤᠨ ᠭᠤᠤᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ   ᠦᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠣᠳᠣᠬᠢᠴᠢᠯᠠᠭᠰᠠᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠳᠣᠤᠷ᠎ᠠ ᠬᠠᠭᠠᠰ ᠵᠢᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号