︽︿ᠠᠵᠤ ᠠᠬᠤᠶ ᠶᠢᠨ ᠬᠦᠴᠢᠷᠳᠡᠯᠲᠡᠶ ᠨᠠᠰᠤᠲᠠᠶᠢᠴᠤᠳ ᠢ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ﹀ ᠲᠤᠬᠠᠶ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/8/22
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠲᠤᠷᠠᠨ ᠪᠠᠭᠤᠯᠭᠠᠭᠰᠠᠨ ︽︿ᠠᠵᠤ ᠠᠬᠤᠶ ᠶᠢᠨ ᠬᠦᠴᠢᠷᠳᠡᠯᠲᠡᠶ ᠨᠠᠰᠤᠲᠠᠶᠢᠴᠤᠳ ᠢ ᠲᠥᠪᠯᠡᠷᠡᠭᠦᠯᠦᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ﹀ ᠲᠤᠬᠠᠶ ᠮᠡᠳᠡᠭᠳᠡᠯ︾ ᠤᠨ ᠲᠠᠶᠢᠯᠤᠮᠵᠢ᠄    ᠨᠢᠭᠡ᠂ ᠠᠪᠤᠷᠠᠨ ᠲᠤᠰᠠᠯᠠᠬᠤ ᠨᠥᠬᠦᠴᠡᠯ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠵᠦ ᠪᠠᠶᠢᠭ᠎ᠠ᠂ ᠨᠢᠭᠡᠨᠲᠡ ᠪᠦᠬᠦᠯᠢ 60 ᠨᠠᠰᠤ ᠬᠦᠷᠦᠭᠰᠡᠨ ᠪᠡᠶ᠎ᠡ ᠪᠠᠨ ᠳᠠᠭᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ︵ᠦᠨᠡᠯᠡᠨ ᠲᠣᠭᠲᠠᠭᠠᠬᠤ ᠴᠢᠬᠤᠯᠠᠲᠠᠶ︶ ᠨᠠᠰᠤᠲᠠᠨ ᠠᠰᠠᠷᠠᠬᠤ ᠬᠦᠷᠢᠶᠡᠯᠡᠩ ᠳᠤ ᠰᠠᠶᠢᠨ ᠳᠤᠷ᠎ᠠ ᠠᠴᠠ ᠪᠠᠨ ᠣᠷᠣᠵᠤ ᠰᠠᠭᠤᠭᠰᠠᠨ ᠬᠥᠮᠦᠰ ᠲᠤ ᠤᠯᠤᠰ ᠤᠨ ᠲᠥᠷᠥ ᠶᠢᠨ ᠪᠣᠳᠣᠯᠭ᠎ᠠ ᠶᠢᠨ ᠠᠪᠤᠷᠠᠨ ᠲᠤᠰᠠᠯᠠᠯᠲᠠ ᠣᠯᠭᠤᠨ᠎ᠠ᠃    ᠬᠤᠶᠠᠷ᠂ ᠠᠪᠤᠷᠠᠨ ᠲᠤᠰᠠᠯᠠᠬᠤ ᠵᠣᠭᠤᠰ ᠤᠨ ᠲᠣᠬᠠᠢ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ ᠰᠠᠭᠤᠭᠰᠠᠨ ᠰᠠᠷ᠎ᠠ ᠪᠦᠷᠢ ᠶᠢᠨ ᠪᠣᠳᠠᠲᠠᠶ ᠬᠤᠷᠢᠶᠠᠬᠤ ᠰᠦᠢᠳᠬᠡᠯ - ᠰᠠᠷ᠎ᠠ ᠪᠦᠷᠢ ᠶᠢᠨ ᠬᠦᠷᠲᠡᠬᠦ ᠠᠮᠢᠳᠣᠷᠠᠯ ᠤᠨ ᠨᠠᠭᠠᠲᠦ ᠵᠠᠬ᠎ᠠ ᠶᠢᠨ ᠪᠠᠳᠤᠯᠠᠭ᠎ᠠ ᠶᠢᠨ ᠮᠦᠡᠭᠭᠦ - ᠰᠠᠷ᠎ᠠ ᠪᠦᠷᠢ ᠶᠢᠨ ᠬᠦᠷᠲᠡᠬᠦ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ - ᠰᠠᠷ᠎ᠠ ᠪᠦᠷᠢ ᠶᠢᠨ 1670 ᠲᠥᠭᠦᠷᠢᠭ ᠤᠨ ᠬᠦᠴᠢᠷᠳᠡᠯᠲᠡᠶ ᠪᠡᠶ᠎ᠡ ᠪᠠᠨ ᠳᠠᠭᠠᠭᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠪᠤᠷᠠᠨ ᠲᠤᠰᠠᠯᠠᠬᠤ ᠨᠥᠬᠦᠪᠥᠷᠢ ᠶᠢᠨ ᠮᠥᠩᠭᠦ ᠂ ᠦᠯᠡᠳᠡᠭᠰᠡᠨ ᠵᠦᠷᠢᠶ᠎ᠡ ᠮᠦᠡᠭᠭᠦ ᠶᠢ ᠨᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠤᠶᠤᠴᠢᠯᠠᠨ ᠠᠪᠴᠤ ᠪᠣᠯᠤᠨ᠎ᠠ᠃    ᠣᠯᠠᠨ ᠳᠤ ᠨᠢᠭᠡ ᠵᠢᠱᠢᠶ᠎ᠡ ᠦᠵᠡᠭᠦᠯᠪᠡᠯ᠄ ᠲᠠᠨ ᠤ ᠣᠷᠣᠵᠤ ᠰᠠᠭᠤᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠠᠷ᠎ᠠ ᠪᠦᠷᠢ 2500 ᠲᠥᠭᠦᠷᠢᠭ ᠤᠨ ᠰᠦᠢᠳᠬᠡᠯ ᠬᠤᠷᠢᠶᠠᠬᠤ ᠪᠠᠷ ᠵᠢᠱᠢᠵᠦ᠂ ᠲᠠᠨ ᠤ ᠰᠠᠷ᠎ᠠ ᠪᠦᠷᠢ ᠡᠳ᠋ᠯᠡᠬᠦ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ 351 ᠲᠥᠭᠦᠷᠢᠭ᠂ ᠬᠦᠷᠲᠡᠬᠦ ᠵᠡᠮᠳᠡᠭᠴᠦᠳ ᠤᠨ ᠨᠥᠬᠦᠪᠥᠷᠢ ᠶᠢᠨ ᠮᠦᠡᠭᠭᠦ 100 ᠲᠥᠭᠦᠷᠢᠭ ︵ᠬᠦᠨᠳᠦ ᠵᠡᠮᠳᠡᠭᠴᠦᠳ ᠲᠤ 200 ᠲᠥᠭᠦᠷᠢᠭ︶᠂ 2500-351 -100 - 1670 = 379 ᠲᠥᠭᠦᠷᠢᠭ᠂ ᠦᠯᠡᠳᠡᠭᠰᠡᠨ ᠡᠨᠡ 379 ᠲᠥᠭᠦᠷᠢᠭ ᠤᠨ ᠵᠥᠷᠢᠶ᠎ᠡ ᠮᠦᠡᠭᠬᠦ ᠶᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠤᠶᠤᠴᠢᠯᠠᠵᠤ ᠪᠣᠯᠤᠨ᠎ᠠ᠃ ︵ᠪᠣᠳᠠᠲᠠᠶ ᠲᠤᠰᠠᠯᠠᠮᠵᠢ ᠶᠢᠨ ᠮᠥᠩᠭᠦ ᠶᠢ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨᠠᠨ  ᠵᠦᠪᠰᠢᠶᠡᠷᠡᠭᠰᠡᠨ ᠢᠶᠠᠷ ᠪᠠᠷᠢᠮᠵᠢᠶ᠎ᠠ ᠪᠤᠯᠭᠠᠨ᠎ᠠ︶    ᠭᠤᠷᠪᠠ᠂ ᠵᠥᠷᠢᠶᠡᠲᠦ ᠲᠣᠭᠠᠨ ᠤ ᠠᠪᠤᠷᠠᠨ ᠲᠤᠰᠠᠯᠠᠬᠤ ᠮᠥᠩᠭᠦ ᠭᠤᠶᠤᠴᠢᠯᠠᠬᠤ ᠶᠠᠪᠤᠴᠠ᠄ ᠲᠣᠰ ᠬᠥᠮᠦᠨ ᠪᠤᠶᠤ ᠣᠷᠣᠯᠠᠨ ᠭᠦᠢᠴᠡᠳᠭᠡᠭᠴᠢ ᠡᠷᠬᠡᠪᠰᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ ᠰᠠᠭᠤᠭᠰᠠᠨ 30 ᠡᠳᠦᠷ ᠤᠨ ᠳᠠᠷᠠᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠯᠡᠯᠴᠡᠭᠡᠷ ︵ᠡᠨᠡ ᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠯᠡᠯᠴᠡᠭᠡᠷ ᠢ ᠲᠠᠨ ᠤ ᠣᠷᠣᠵᠤ ᠰᠠᠭᠤᠬᠤ ᠦᠶ᠎ᠡ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠲᠠᠨ ᠲᠠᠢ ᠬᠡᠯᠡᠯᠴᠡᠭᠡᠷ  ᠲᠣᠭᠲᠠᠭᠠᠨ᠎ᠠ︶ ᠪᠠ ᠣᠷᠣᠵᠤ ᠰᠠᠭᠤᠬᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠦᠢᠳᠬᠡᠯ ᠲᠣᠰᠢᠶᠠᠭᠰᠠᠨ ᠬᠦᠴᠦᠨ ᠪᠥᠬᠦᠶ ᠭᠡᠷᠡᠴᠢ ᠪᠠᠷᠢᠮᠲᠠ ᠪᠠᠨ ᠠᠪᠴᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠭᠤᠶᠤᠴᠢᠯᠠᠵᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠳᠠᠲᠠᠶ ᠪᠠᠶᠢᠳᠠᠯ ᠢ ᠦᠨᠳᠦᠰᠦᠯᠡᠨ ᠭᠤᠶᠤᠴᠢᠯᠠᠭᠰᠠᠨ ᠡᠲᠡᠭᠡᠳ ᠲᠠᠢ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠶᠢ ᠨᠢ ᠵᠣᠬᠢᠬᠤ ᠬᠡᠮᠵᠢᠶᠡᠨ ᠤ ᠠᠪᠤᠷᠠᠨ ᠲᠣᠰᠠᠯᠠᠨ᠎ᠠ᠃ ᠠᠩᠬᠠᠷᠤᠭᠤᠰᠢᠲᠠᠶ ᠨᠢ ᠲᠣᠰ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ︵10 ᠳ᠋ᠤᠭᠠᠷ ᠰᠠᠷ᠎ᠠ ᠶᠢᠨ 11 ᠤ ᠡᠳᠦᠷ︶ ᠠᠴᠠ ᠡᠮᠦᠨ᠎ᠡ ᠨᠢᠭᠡᠨᠲᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ  ᠰᠠᠭᠤᠭᠠᠳ ᠪᠦᠬᠦᠯᠢ 30 ᠡᠳᠦᠷ  ᠪᠤᠯᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠢᠨ ᠪᠡᠶ᠎ᠡ ᠪᠠᠨ ᠳᠠᠭᠠᠭᠠᠬᠤ ᠴᠢᠳᠠᠪᠦᠷᠢ ᠪᠠᠨ ᠠᠯᠳᠠᠭᠰᠠᠨ  ᠨᠠᠰᠣᠲᠠᠶᠢᠴᠦᠳ ᠪᠠᠰᠠ ᠠᠪᠤᠷᠠᠨ ᠲᠤᠰᠠᠯᠠᠯᠲᠠ ᠭᠤᠶᠤᠴᠢᠯᠠᠵᠤ ᠪᠣᠯᠤᠨ᠎ᠠ᠂ ᠭᠡᠪᠡᠴᠦ ᠠᠪᠤᠷᠠᠨ ᠲᠤᠰᠠᠯᠠᠬᠤ ᠮᠥᠩᠭᠦ ᠶᠢ ᠭᠤᠶᠤᠴᠢᠯᠠᠭᠰᠠᠨ ᠲᠣᠰ ᠰᠠᠷ᠎ᠠ ᠠᠴᠠ ᠡᠬᠢᠯᠡᠨ ᠪᠤᠳᠤᠵᠤ᠂ ᠡᠭᠦᠨ ᠠᠴᠠ ᠡᠮᠤᠨᠡᠭᠢ ᠶᠢ ᠨᠢ ᠳᠠᠬᠢᠨ ᠨᠥᠬᠦᠵᠦ ᠥᠭᠬᠦ ᠦᠭᠡᠢ᠃
 
ᠢᠷᠡᠯᠲᠡ᠄ ᠬᠦᠷᠢᠶ᠎ᠡ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号