8 ᠳ᠋ᠤᠭᠠᠷ ᠰᠠᠷ᠎ᠠ ᠶᠢᠨ 26 ᠤ ᠣᠷᠣᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠶᠡᠷᠦᠩᠬᠡᠶ ᠵᠦᠪᠯᠡᠯ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ · | ᠬᠦᠷᠢᠶ᠎ᠡ ᠬᠤᠰᠢᠭᠤᠨ ᠤ ᠠᠨᠳᠠᠶ ᠰᠣᠶᠣᠯ ᠤᠷᠠᠯᠢᠭ ᠤᠨ ᠭᠠᠷᠠᠭ ᠵᠢᠴᠢ ᠥᠪᠥᠷ ᠮᠣᠩᠭᠤᠯ ᠤᠨ ᠬᠥᠳᠡᠭᠡ ᠲᠣᠰᠬᠤᠨ ᠤ | ᠠᠯᠠᠭᠠᠳᠠᠬᠤ ᠪᠥᠮᠪᠦᠭᠡ ᠶᠢᠨ ᠵᠠᠷᠯᠠᠯ ᠤᠷᠤᠯᠳᠤᠭᠠᠨ ᠨᠢ ᠬᠤᠰᠢᠭᠤᠨ ᠤ ᠬᠠᠤᠯᠢ ᠪᠠᠷ ᠵᠠᠰᠠᠬᠤ ᠰᠣᠶᠣᠯ ᠤᠨ ᠠᠭᠤᠳᠠᠮ | ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃ | ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠵᠣᠣ ᠬᠠᠩ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠧᠤ ᠭᠦᠸᠧ ᠭᠠᠩ᠂ ᠪᠡᠭᠡᠵᠢᠩ | ᠬᠤᠲᠠ ᠶᠢᠨ ᠮᠢ ᠶᠦᠨ ᠲᠣᠭᠤᠷᠢᠭ ᠤᠨ ᠪᠦ᠋ ᠯᠣᠤ ᠲᠦᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠸᠧᠢ | ᠰᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠭᠤᠸᠠᠩ ᠴᠢᠩ᠂ ᠬᠤᠰᠢᠭᠤᠨ ᠤ | ᠤᠳᠤᠷᠢᠳᠤᠯᠭ᠎ᠠ ᠵᠧᠤ ᠯᠢᠶᠠᠩ ᠶᠤᠸᠠᠨ᠂ ᠸᠠᠩ ᠬᠦᠶ ᠯᠠᠨ᠂ ᠪᠠᠶ ᠴᠢᠩ ᠱᠠᠨ ᠨᠠᠷ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠪᠠᠶ ᠴᠢᠩ ᠱᠠᠨ ᠤᠭᠲᠤᠬᠤ ᠦᠭᠡ ᠬᠡᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠬᠦᠶ ᠯᠠᠨ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ · ᠬᠦᠷᠢᠶ᠎ᠡ ᠬᠤᠰᠢᠭᠤᠨ ᠤ ᠠᠨᠳᠠᠢ ᠰᠣᠶᠣᠯ ᠤᠷᠠᠯᠢᠭ ᠤᠨ ᠭᠠᠷᠠᠭ ᠵᠢᠴᠢ ᠥᠪᠥᠷ ᠮᠣᠩᠭᠤᠯ ᠤᠨ | ᠬᠥᠳᠡᠭᠡ ᠲᠣᠰᠬᠤᠨ ᠤ ᠠᠯᠠᠭᠠᠳᠠᠬᠤ ᠪᠥᠮᠪᠦᠭᠡ ᠶᠢᠨ ᠵᠠᠷᠯᠠᠯ ᠤᠷᠤᠯᠳᠤᠭᠠᠨ ᠡᠬᠢᠯᠡᠭᠰᠡᠨ ᠢ ᠵᠠᠷᠯᠠᠪᠠ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠤᠯᠠᠭᠠᠨᠮᠥ᠋ᠴᠢᠷ ᠤᠨ ᠬᠢᠨ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠤᠮᠠᠷᠠᠲᠤ ᠬᠢᠯᠢ ᠶᠢᠨ | ᠰᠣᠶᠣᠯ ᠢ ᠪᠠᠳᠠᠷᠠᠭᠤᠯᠤᠶ᠎ᠠ︾ ᠭᠡᠬᠦ ᠲᠤᠰᠬᠠᠶ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ ᠣᠶᠢᠯᠠᠭᠠᠭᠰᠠᠨ ᠢᠶᠠᠷ᠂ | ᠲᠣᠰ ᠤᠳᠠᠭᠠᠨ ᠤ ᠠᠨᠳᠠᠶ ᠰᠣᠶᠣᠯ ᠤᠷᠠᠯᠢᠭ ᠤᠨ ᠭᠠᠷᠠᠭ ᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠰᠣᠶᠣᠯ ᠤᠨ ᠰᠣᠯᠢᠯᠴᠠᠭᠠᠨ ᠤ ᠲᠣᠭᠯᠠᠯᠲᠠ᠂ ᠲᠦᠩᠯᠢᠶᠣᠤ ᠬᠤᠲᠠ ᠶᠢᠨ ᠤᠯᠠᠭᠠᠨᠮᠥ᠋ᠴᠢᠷ ᠤᠨ ᠬᠥᠭᠵᠢᠮ ᠤᠨ | ᠠᠩᠭᠢ ᠶᠢᠨ ᠲᠤᠰᠬᠠᠶ ᠲᠣᠭᠯᠠᠯᠲᠠ᠂ ᠯᠢᠶᠣᠤᠨᠢᠩ ᠮᠤᠵᠢ ᠶᠢᠨ ᠹᠦ᠋ ᠮᠧᠩ ᠰᠢᠶᠠᠨ ᠤ ᠰᠣᠶᠣᠯ ᠤᠨ ᠰᠣᠯᠢᠯᠴᠠᠭᠠᠨ ᠤ | ᠲᠤᠰᠬᠠᠶ ᠲᠣᠭᠯᠠᠯᠲᠠ᠂ ᠲᠦᠩᠯᠢᠶᠣᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠶ | ᠲᠣᠭᠯᠠᠯᠲᠠ᠂ ᠬᠦᠷᠢᠶ᠎ᠡ ᠬᠤᠰᠢᠭᠤᠨ ᠤ ᠠᠨᠳᠠᠶ ᠪᠥᠵᠢᠭ ᠤᠨ ᠤᠷᠤᠯᠳᠤᠭᠠᠨ ᠪᠠ ᠥᠪᠥᠷ ᠮᠣᠩᠭᠤᠯ ᠤᠨ ᠬᠥᠳᠡᠭᠡ | ᠲᠣᠰᠬᠤᠨ ᠤ ᠠᠯᠠᠭᠠᠳᠠᠬᠤ ᠪᠥᠮᠪᠦᠭᠡ ᠶᠢᠨ ᠵᠠᠷᠯᠠᠯ ᠤᠷᠤᠯᠳᠤᠭᠠᠨ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢᠨ | ᠠᠭᠤᠯᠭ᠎ᠠ ᠪᠠᠷ ᠪᠦᠷᠢᠯᠳᠦᠵᠦ᠂ ︽ᠳᠤᠮᠳᠠᠳᠤ ᠤᠯᠤᠰ ᠤᠨ ᠠᠨᠳᠠᠢ ᠤᠷᠠᠯᠢᠭ ᠤᠨ ᠦᠯᠦᠭᠡᠢ︾ ᠶᠢᠨ ᠰᠣᠶᠤᠯ ᠤᠨ | ᠭᠠᠶᠢᠬᠠᠮᠰᠢᠭ ᠶᠢ ᠤᠯᠠᠮ ᠴᠢᠨᠠᠭᠰᠢᠲᠠ ᠢᠯᠡᠷᠡᠭᠦᠯᠵᠦ᠂ ︽ᠥᠪᠥᠷ ᠮᠣᠩᠭᠤᠯ ᠤᠨ ᠲᠣᠰᠬᠤᠨ ᠤ ᠠᠯᠠᠭᠠᠳᠠᠬᠤ | ᠪᠦᠮᠪᠦᠭᠡ︾ ᠶᠢᠨ ᠨᠠᠷᠠᠲᠤ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠠᠭᠤᠷᠢᠰᠬᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠯᠤᠨ᠎ᠠ᠃ ᠠᠨᠳᠠᠢ ᠰᠤᠶᠤᠯ ᠪᠣᠯ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠤᠶᠤᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ | | | |