ᠬᠦᠷᠢᠶ᠎ᠡ ᠬᠤᠰᠢᠭᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠲᠠᠯᠪᠢᠵᠤ ᠰᠤᠷᠤᠬᠴᠢᠳ ᠤᠨ ᠡᠷᠳᠡᠮ ᠰᠣᠶᠣᠯ ᠤᠨ ᠵᠠᠮ ᠢ ᠲᠡᠷᠭᠡᠯᠰᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/8/28
    ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠤᠯᠤᠰ ᠤᠨ ᠰᠤᠷᠤᠬᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠰᠤᠷᠤᠬᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠴᠢᠷᠳᠡᠯ ᠳᠤ ᠲᠤᠯᠭᠠᠷᠠᠭᠰᠠᠨ ᠰᠤᠷᠤᠬᠴᠢ ᠶᠢᠨ ᠬᠦᠴᠢᠷᠳᠡᠯ ᠢ ᠰᠢᠢᠳᠪᠦᠷᠢᠯᠡᠪᠡ᠃    ᠬᠥᠬᠦᠨ ᠪᠠᠯᠭᠠᠰᠤᠨ ᠤ ᠵᠢᠦ ᠵᠢᠦᠢ ᠽᠢ ᠲᠣᠰᠬᠤᠨ ᠳᠤ ᠰᠠᠭᠤᠭ᠎ᠠ ᠸᠠᠩ ᠮᠧᠩ ᠳ᠋ᠠᠯᠢᠶᠠᠨ ᠤ ᠶᠡᠭᠡ ᠰᠤᠷᠭᠠᠭᠤᠯᠢ ᠶᠢᠨ ᠡᠯᠰᠡᠬᠦ ᠮᠡᠳᠡᠭᠳᠡᠯ ᠢ ᠣᠯᠣᠭᠰᠠᠨ ᠤ ᠳᠠᠷᠠᠭ᠎ᠠ᠂ ᠠᠪᠤ ᠡᠵᠢ ᠲᠠᠢ ᠪᠠᠨ ᠬᠠᠮᠲᠤ ᠰᠤᠷᠤᠬᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠬᠦᠷᠢᠶ᠎ᠡ ᠬᠤᠰᠢᠭᠤᠨ ᠤ ᠭᠦᠢᠴᠡᠳᠬᠡᠬᠦ ᠲᠢᠩᠬᠢᠮ ᠳᠤ ᠬᠦᠷᠴᠡᠢ᠃ ᠲᠡᠲᠡ ᠲᠤᠰᠬᠠᠢ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠵᠢᠭᠡᠯᠡᠯᠭᠡ ᠶᠢᠨ ᠭᠠᠷ ᠭᠦᠢᠴᠡᠳᠬᠡᠯ ᠢ ᠮᠠᠰᠢ ᠲᠦᠷᠭᠡᠨ ᠢᠶᠠᠷ ᠬᠢᠵᠦ ᠳᠠᠭᠤᠰᠬᠠᠵᠠᠢ᠃ ︽ᠪᠢ ᠠᠩᠬ᠎ᠠ ᠤᠳᠠᠭ᠎ᠠ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠭᠠᠷ ᠭᠦᠢᠴᠡᠳᠬᠡᠯ ᠬᠢᠵᠦ ᠪᠠᠶᠢᠨ᠎ᠠ᠂ ᠠᠵᠢᠯᠲᠠᠳ ᠠᠴᠠ ᠮᠠᠰᠢ ᠬᠦᠯᠢᠴᠡᠩᠭᠦᠢ ᠭᠥᠯᠢᠶᠡᠨ ᠠᠪᠴᠤ ᠭᠦᠢᠴᠡᠳᠬᠡᠬᠦ ᠴᠤᠪᠤᠷᠠᠯ ᠨᠢ ᠴᠦ ᠮᠠᠰᠢ ᠳᠥᠭᠦᠮ ᠪᠠᠶᠢᠨ᠎ᠠ᠂ ᠡᠨᠡ ᠵᠢᠯ 16000 ᠲᠥᠭᠦᠷᠢᠭ ᠤᠨ ᠵᠢᠭᠡᠯᠡᠯᠭᠡ ᠭᠤᠶᠤᠴᠢᠯᠠᠵᠤ᠂ ᠰᠤᠷᠤᠯᠭ᠎ᠠ ᠶᠢᠨ ᠰᠦᠢᠳᠬᠡᠯ᠂ ᠬᠤᠨᠤᠭ ᠤᠨ ᠰᠦᠢᠳᠬᠡᠯ ᠴᠥᠮ ᠪᠠᠲᠤᠯᠠᠭ᠎ᠠ ᠲᠠᠢ ᠪᠣᠯᠵᠠᠢ᠂ ᠡᠨᠡ ᠬᠦ ᠲᠥᠷᠥ ᠶᠢᠨ ᠪᠣᠳᠣᠯᠭ᠎ᠠ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠸᠠᠩ ᠮᠧᠩ ᠮᠠᠰᠢ ᠰᠡᠳᠬᠢᠯ ᠬᠠᠨᠤᠮᠵᠢᠲᠠᠶ ᠶᠠᠷᠢᠵᠤ ᠪᠠᠶᠢᠯ᠎ᠠ᠃    ᠠᠩᠬ᠎ᠠ ᠤᠳᠠᠭ᠎ᠠ ᠵᠢᠭᠡᠯᠡᠯᠭᠡ ᠭᠤᠶᠤᠴᠢᠯᠠᠵᠤ ᠪᠠᠶᠢᠭ᠎ᠠ ᠰᠣᠷᠣᠬᠴᠢ ᠲᠤᠬᠠᠢ ᠶᠢᠨ ᠲᠠᠯᠠᠪᠤᠷ ᠲᠤ ᠬᠦᠷᠴᠦ ᠭᠠᠷ ᠭᠦᠢᠴᠡᠳᠬᠡᠯ ᠬᠢᠬᠦ ᠠᠴᠠ ᠭᠠᠳᠠᠨ᠎ᠠ᠂ ᠦᠷᠭᠦᠯᠵᠢᠯᠡᠨ ᠵᠢᠭᠡᠯᠡᠯᠭᠡ ᠵᠢᠭᠡᠯᠡᠬᠦ ᠰᠣᠷᠣᠬᠴᠢ ᠺᠤᠮᠫᠢᠦ᠋ᠲ᠋ᠧᠷ ᠪᠤᠶᠤ ᠣᠶᠤᠨᠴᠢ ᠭᠠᠷ ᠤᠲᠠᠰᠤ ᠪᠠᠷ ᠳᠠᠮᠵᠢᠭᠤᠯᠤᠨ ᠠᠯᠤᠰ ᠠᠴᠠ ᠭᠠᠷ ᠭᠦᠢᠴᠡᠳᠬᠡᠯ ᠬᠢᠵᠦ ᠪᠣᠯᠣᠨ᠎ᠠ᠃ ᠸᠠᠩ ᠴᠤᠤ ᠶᠢᠨ ᠡᠵᠢ ᠶᠢᠨ ᠬᠢᠨᠢ ᠪᠡᠶ᠎ᠡ ᠨᠢ ᠮᠠᠭᠤ᠂ ᠠᠪᠤ ᠨᠢ ᠲᠣᠭᠲᠠᠪᠤᠷᠢᠲᠠᠢ ᠠᠵᠢᠯ ᠦᠭᠡᠢ ᠪᠣᠯᠬᠤᠷ ᠭᠡᠷ ᠪᠦᠯᠢ ᠶᠢᠨ ᠠᠮᠢᠳᠤᠷᠠᠯ ᠨᠢ ᠨᠡᠯᠢᠶᠡᠳ ᠬᠦᠴᠢᠷᠳᠡᠯᠲᠡᠢ ᠪᠠᠶᠢᠪᠠ᠃ ᠨᠢᠳᠤᠨᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠡᠯᠰᠡᠭᠳᠡᠭᠰᠡᠨ ᠤ ᠳᠠᠷᠠᠭ᠎ᠠ ᠲᠡᠷᠡ ᠳᠠᠷᠤᠢ ᠳᠤᠨᠢ 12000 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠭᠤᠶᠤᠴᠢᠯᠠᠵᠠᠢ᠂ ᠡᠨᠡ ᠵᠢᠯ ᠲᠡᠷᠡ ᠭᠠᠷ ᠤᠲᠠᠰᠤᠨ ᠤ APP ᠪᠠᠷ ᠳᠠᠮᠵᠢᠭᠤᠯᠤᠨ ᠦᠷᠭᠦᠯᠵᠢᠯᠡᠨ ᠵᠢᠭᠡᠯᠡᠯᠭᠡ ᠠᠪᠬᠤ ᠪᠠᠷ ᠭᠤᠶᠤᠴᠢᠯᠠᠵᠠᠢ᠃ ︽ᠨᠢᠳᠤᠨᠤᠨ ᠠᠴᠠ ᠡᠨᠡ ᠵᠢᠯ ᠪᠤᠯᠲᠠᠯ᠎ᠠ ᠨᠡᠶᠢᠲᠡ 24000 ᠲᠥᠭᠦᠷᠢᠭ ᠤᠨ ᠵᠢᠭᠡᠯᠡᠯᠭᠡ ᠭᠤᠶᠤᠴᠢᠯᠠᠵᠠᠢ᠂ ᠡᠨᠡ ᠵᠢᠯ ᠭᠦᠢᠴᠡᠳᠬᠡᠬᠦ ᠳᠤ ᠣᠨᠴᠠᠭᠠᠶ ᠳᠥᠭᠦᠮ ᠪᠣᠯᠵᠤ᠂ ᠭᠠᠷ ᠤᠲᠠᠰᠤᠨ ᠳᠡᠭᠡᠷ᠎ᠡ ᠪᠠᠨ ᠭᠦᠢᠴᠡᠳᠬᠡᠴᠢᠬᠡᠵᠡᠢ᠂ ᠤᠯᠤᠰ ᠤᠨ ᠡᠶᠢᠮᠦ ᠰᠠᠶᠢᠨ ᠲᠥᠷᠥ ᠶᠢᠨ ᠪᠣᠳᠣᠯᠭ᠎ᠠ ᠳᠤ ᠮᠠᠰᠢ ᠲᠠᠯᠠᠷᠬᠠᠵᠤ ᠪᠠᠶᠢᠨ᠎ᠠ᠂ ᠡᠨᠡ ᠨᠢ ᠮᠠᠨ ᠤ ᠭᠡᠷ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠯᠡᠵᠦ᠂ ᠪᠢ ᠴᠦ ᠦᠷᠭᠦᠯᠵᠢᠯᠡᠨ ᠰᠤᠷᠤᠯᠭ᠎ᠠ ᠪᠠᠨ ᠲᠡᠭᠦᠰᠬᠡᠵᠦ ᠲᠡᠶᠢᠯᠭᠦ ᠪᠣᠯᠤᠭᠰᠠᠨ︾ ᠭᠡᠵᠦ ᠸᠠᠩ ᠴᠤᠤ ᠰᠡᠳᠬᠢᠯ ᠬᠥᠳᠡᠯᠦᠨ ᠶᠠᠷᠢᠵᠤ ᠪᠠᠶᠢᠯ᠎ᠠ᠃    ︽ᠡᠨᠡ ᠵᠢᠯ᠂ ᠮᠠᠨ ᠤ ᠬᠤᠰᠢᠭᠤᠨ ᠤ ᠣᠶᠤᠲᠠᠳ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠭᠦᠢᠴᠡᠳᠬᠡᠬᠦ ᠠᠵᠢᠯ 8 ᠰᠠᠷ᠎ᠠ ᠶᠢᠨ 1 ᠤ ᠡᠳᠦᠷ ᠠᠴᠠ ᠡᠬᠢᠯᠡᠵᠦ᠂ 9 ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠨ᠎ᠡ᠃ ᠵᠢᠱᠢᠯᠲᠡ ᠪᠠᠷ ᠠᠩᠬ᠎ᠠ ᠤᠳᠠᠭ᠎ᠠ ᠵᠢᠭᠡᠯᠡᠯᠭᠡ ᠵᠢᠭᠡᠯᠡᠬᠦ ᠰᠣᠷᠣᠬᠴᠢ 700 ᠣᠷᠴᠢᠮ ᠪᠠᠶᠢᠵᠤ᠂ ᠦᠷᠭᠦᠯᠵᠢᠯᠡᠨ ᠵᠢᠭᠡᠯᠡᠯᠭᠡ ᠵᠢᠭᠡᠯᠡᠬᠦ ᠰᠣᠷᠣᠬᠴᠢ 1800 ᠰᠢᠬᠠᠮ ᠪᠠᠶᠢᠵᠤ᠂ ᠶᠡᠷᠦᠩᠬᠡᠢ ᠵᠢᠭᠡᠯᠡᠯᠭᠡ ᠶᠢᠨ ᠵᠣᠭᠤᠰ ᠤᠨ ᠲᠤᠭ᠎ᠠ ᠨᠢ 3000 ᠲᠦᠮᠡᠨ ᠲᠥᠭᠦᠷᠢᠭ ᠲᠤ ᠬᠦᠷᠬᠦ ᠪᠣᠯᠣᠨ᠎ᠠ᠃ ᠣᠳᠣᠬᠠᠨ ᠳᠤ ᠠᠩᠬᠠᠨ ᠤ ᠵᠢᠭᠡᠯᠡᠯᠭᠡ ᠪᠠ ᠦᠷᠭᠦᠯᠵᠢᠯᠡᠨ ᠵᠢᠭᠡᠯᠡᠬᠦ ᠵᠢᠭᠡᠯᠡᠯᠭᠡ ᠶᠢ ᠨᠢᠭᠡᠨᠲᠡ 1400 ᠬᠥᠮᠥᠨ ᠤᠳᠠᠭ᠎ᠠ ᠭᠦᠢᠴᠡᠳᠬᠡᠵᠡᠢ᠃ ᠲᠠᠷᠠᠭᠠᠴᠢ ᠶᠢᠨ ᠠᠯᠬᠤᠮ ᠳᠤ᠂ ᠪᠢᠳᠡ ᠠᠵᠢᠯᠲᠠᠨ ᠨᠡᠮᠡᠨ ᠲᠣᠮᠢᠯᠠᠵᠤ᠂ ᠰᠣᠷᠣᠬᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠶᠤᠲᠠᠳ ᠤᠨ ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠠᠴᠠ ᠪᠣᠯᠵᠤ ᠰᠤᠷᠤᠯᠭ᠎ᠠ ᠠᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ︾ ᠭᠡᠵᠦ ᠬᠦᠷᠢᠶ᠎ᠡ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠲᠤᠤ ᠵᠠᠨ ᠾᠦᠢ ᠶᠠᠷᠢᠵᠤ ᠪᠠᠶᠢᠯ᠎ᠠ᠃                                         ︵ᠯᠢ ᠮᠢᠩ ᠶᠤᠸᠠᠢ ᠪᠦᠦ ᠴᠢᠦ ᠶᠠᠩ︶
 
ᠢᠷᠡᠯᠲᠡ᠄ ᠲᠥᠩᠯᠢᠶᠤᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号