ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/8/28
    8 ᠰᠠᠷ᠎ᠠ ᠶᠢᠨ 27 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ ᠸᠠᠩ ᠬᠦᠢ ᠯᠠᠨ᠂ ᠪᠦᠦ ᠱᠠᠭᠠᠷᠠᠢ᠂ ᠵᠠᠩ ᠱᠦ ᠯᠢ ᠪᠣᠯᠪᠠᠰᠤᠷᠠᠯ ᠤᠨ ᠠᠩᠬᠢ ᠳᠤ ᠣᠷᠣᠯᠴᠠᠵᠠᠢ᠃    ᠪᠣᠯᠪᠠᠰᠤᠷᠠᠯ ᠤᠨ ᠠᠩᠭᠢ ᠨᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠵᠡᠷᠭᠡ ᠶᠢᠨ ᠭᠤᠷᠪᠠᠨ ᠲᠤᠰᠬᠠᠶ ᠮᠡᠷᠭᠡᠵᠢᠯᠲᠡᠨ ᠪᠠᠭᠰᠢ ᠶᠢ ᠤᠷᠢᠵᠤ ᠲᠥᠯᠥᠭᠡᠯᠡᠭᠴᠢ ᠶᠢᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ᠂ ᠲᠥᠯᠥᠭᠡᠯᠡᠭᠴᠢᠳ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠵᠢᠷᠤᠮᠵᠢᠭᠤᠯᠬᠤ ᠦᠢᠯᠡ ᠠᠵᠢᠯᠯᠠᠭ᠎ᠠ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠲᠣᠰ ᠲᠣᠰ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠵᠢᠯᠯᠠᠭᠠᠨ ᠤ ᠬᠥᠲᠥᠯᠪᠦᠷᠢ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ﹀ ᠤᠨ ᠲᠠᠶᠢᠯᠤᠮᠵᠢ︾᠂ ︽ᠰᠣᠶᠣᠯ ᠤᠨ ᠢᠲᠡᠭᠡᠯ ᠢᠶᠠᠨ ᠪᠠᠲᠤᠳᠬᠠᠵᠤ ᠰᠢᠯᠢᠳᠡᠭ ᠲᠥᠯᠥᠭᠡᠯᠡᠭᠴᠢ ᠪᠣᠯᠬᠤ ᠪᠠᠷ ᠴᠢᠷᠮᠠᠶᠢᠶ᠎ᠠ︾ ᠭᠡᠬᠦ ᠰᠡᠳᠦᠪ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠳᠤ ᠪᠥᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠶ ᠲᠠᠶᠢᠯᠤᠮᠵᠢ ᠬᠢᠪᠠ᠃    ᠪᠥᠬᠦ ᠬᠤᠰᠢᠭᠤᠨ ᠤ ᠬᠠᠷᠢᠶᠠᠨ ᠳᠠᠬᠢ ᠣᠷᠤᠨ᠂ ᠬᠤᠲᠠ᠂ ᠬᠤᠰᠢᠭᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠵᠢᠯᠲᠠᠳ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号