ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠷᠢᠶ᠎ᠡ ᠬᠤᠰᠢᠭᠤᠨ ᠤ ᠠᠨᠳᠠᠶ ᠰᠣᠶᠣᠯ ᠤᠷᠠᠯᠢᠭ ᠤᠨ ᠭᠠᠷᠠᠭ ᠤᠨ ᠰᠢᠷᠢᠰ ᠠᠵᠢᠯᠯᠠᠭ᠎ᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠣᠶᠣᠯ ᠤᠨ ᠰᠣᠯᠢᠯᠴᠠᠭᠠᠨ ᠤ ᠲᠣᠭᠯᠠᠯᠲᠠ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/8/28
    8 ᠰᠠᠷ᠎ᠠ ᠶᠢᠨ 27 ᠤ ᠡᠳᠦᠷ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠪᠡᠭᠡᠵᠢᠩ ᠬᠤᠲᠠ ᠶᠢᠨ ᠮᠢ ᠶᠦᠨ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠦᠷᠢᠶ᠎ᠡ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠷᠢᠶ᠎ᠡ ᠬᠤᠰᠢᠭᠤᠨ ᠤ ᠠᠨᠳᠠᠶ ᠰᠣᠶᠣᠯ ᠤᠷᠠᠯᠢᠭ ᠤᠨ ᠭᠠᠷᠠᠭ ᠤᠨ ᠰᠢᠷᠢᠰ ᠠᠵᠢᠯᠯᠠᠭ᠎ᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠣᠶᠣᠯ ᠤᠨ ᠰᠣᠯᠢᠯᠴᠠᠭᠠᠨ ᠤ ᠲᠣᠭᠯᠠᠯᠲᠠ ︵ᠮᠢ ᠶᠦᠨ ᠲᠤᠰᠬᠠᠶ ᠲᠠᠯᠠᠪᠠᠶ︶ ᠬᠤᠰᠢᠭᠤᠨ ᠤ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠶ ᠳᠤ ᠠᠮᠵᠢᠯᠲᠠ ᠲᠠᠢ ᠶᠠᠪᠤᠭᠳᠠᠪᠠ᠃    ᠪᠡᠭᠡᠵᠢᠩ ᠬᠤᠲᠠ ᠶᠢᠨ ᠮᠢ ᠶᠦᠨ ᠲᠣᠭᠤᠷᠢᠭ ᠤᠨ ᠪᠦ᠋ ᠯᠣᠤ ᠲᠦᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠸᠧᠢ ᠰᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠭᠤᠸᠠᠩ ᠴᠢᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠰᠦᠨ ᠬᠠᠶ ᠵᠢᠶᠣᠤ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦᠸᠧ ᠯᠸᠢ᠂ ᠬᠤᠰᠢᠭᠤᠨ ᠤ ᠤᠳᠤᠷᠢᠳᠤᠯᠭ᠎ᠠ ᠵᠧᠤ ᠯᠢᠶᠠᠩ ᠶᠤᠸᠠᠨ᠂ ᠪᠠᠶ ᠴᠢᠩ ᠱᠠᠨ᠂ ᠵᠠᠩ ᠬᠠᠨ ᠰᠥᠩ ᠵᠢᠴᠢ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠦᠷᠢᠶ᠎ᠡ ᠳᠤ ᠪᠠᠶᠢᠭ᠎ᠠ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠶ᠃ ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠬᠠᠨ ᠰᠥᠩ ᠠᠵᠢᠯᠯᠠᠭ᠎ᠠ ᠳᠤ ᠪᠠᠶᠠᠷ ᠤᠨ ᠦᠭᠡ ᠬᠡᠯᠡᠵᠡᠶ᠃ ᠲᠡᠷᠡ ᠬᠡᠯᠡᠬᠦ ᠳᠡᠭᠡᠨ᠂ ᠲᠣᠰ ᠤᠳᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠪᠣᠯ ᠶᠡᠷᠦᠩᠬᠡᠶ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠬᠤ ᠠᠮᠢᠳᠤᠯᠢᠭ ᠦᠢᠯᠡᠳᠦᠯᠭᠡ ᠮᠥᠨ᠂ ᠬᠦᠷᠢᠶ᠎ᠡ ᠬᠤᠰᠢᠭᠤ ᠪᠣᠯᠤᠨ ᠮᠢ ᠶᠦᠨ ᠲᠤᠭᠤᠷᠢᠭ ᠬᠠᠶᠢᠷ᠎ᠠ ᠰᠡᠳᠭᠢᠯᠭᠡ ᠲᠠᠢ ᠪᠠᠷ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠠᠬᠢᠭᠤᠯᠬᠤ᠂ ᠰᠣᠶᠣᠯ ᠤᠨ ᠰᠣᠯᠢᠯᠴᠠᠭ᠎ᠠ ᠶᠢ ᠴᠢᠩᠭᠠᠳᠬᠠᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠃ ᠡᠨᠡ ᠤᠳᠠᠭᠠᠨ ᠤ ᠰᠣᠶᠣᠯ ᠤᠨ ᠰᠣᠯᠢᠯᠴᠠᠭ᠎ᠠ ᠪᠠᠷ ᠳᠠᠮᠵᠢᠨ᠂ ᠬᠤᠶᠠᠷ ᠭᠠᠵᠠᠷ ᠤᠨ ᠬᠢᠨ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠠᠭᠤᠰᠤᠯᠴᠠᠬᠤ ᠶᠢ ᠡᠷᠢᠯᠬᠢᠯᠡᠵᠦ᠂ ᠬᠠᠷᠠᠯᠲᠠ ᠶᠢᠨ ᠲᠠᠯ᠎ᠠ ᠪᠠᠷ ᠬᠠᠮᠲᠤ ᠶᠢᠨ ᠴᠢᠭᠯᠡᠯ ᠵᠦᠭ ᠲᠤ ᠬᠦᠴᠦᠯᠡᠨ᠂ ᠬᠥᠭᠵᠢᠯᠲᠡ ᠶᠢᠨ ᠲᠠᠯ᠎ᠠ ᠪᠠᠷ ᠬᠠᠮᠲᠤᠪᠠᠷ ᠤᠷᠤᠭᠰᠢᠯᠠᠬᠤ ᠪᠠᠷ ᠴᠢᠷᠮᠠᠶᠢᠵᠤ᠂ ᠬᠠᠮᠲᠤᠷᠠᠯ ᠬᠦᠴᠦᠨ ᠢᠶᠠᠨ ᠶᠡᠬᠡᠰᠬᠡᠵᠦ᠂ ︽ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ︾ ᠶᠢ ᠰᠠᠶᠢᠲᠤᠷ ᠬᠡᠷᠡᠭᠯᠡᠵᠦ᠂ ᠬᠦᠷᠢᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠬᠤᠷᠳᠤᠴᠠ ᠪᠠᠨ ᠲᠦᠷᠭᠡᠳᠭᠡᠬᠦ︾ ᠳᠤ ᠬᠦᠴᠦᠨ ᠨᠡᠮᠡᠷᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠨᠡᠩ ᠥᠷᠭᠡᠨ ᠬᠦᠷᠢᠶ᠎ᠡ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠰᠢ ᠲᠦᠯᠬᠢᠨ ᠠᠬᠢᠭᠤᠯᠵᠤ᠂ ︽ᠪᠡᠭᠡᠵᠢᠩ ᠥᠪᠥᠷ ᠮᠣᠩᠭᠤᠯ ᠤᠨ ᠨᠢᠭᠡ ᠭᠡᠷ ᠤᠨ ᠬᠥᠮᠦᠨ ᠮᠡᠲᠦ︾ ᠪᠠᠶᠢᠬᠤ ᠠᠮᠢᠳᠤᠯᠢᠭ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃    ᠲᠣᠭᠯᠠᠯᠲᠠ ᠨᠢ ᠡᠬᠢᠯᠡᠯᠲᠡ ᠶᠢᠨ ᠪᠥᠵᠢᠭ ︽ᠭᠦᠭᠵᠢᠯᠲᠦ ᠲᠥᠷᠦ ᠶᠢᠨ ᠬᠥᠭᠵᠢᠮ︾ ᠤᠨ ᠳᠤᠮᠳᠠ ᠡᠬᠢᠯᠡᠪᠡ᠃ ᠮᠢ ᠶᠦᠨ ᠲᠣᠭᠤᠷᠢᠭ ᠤᠨ ᠰᠣᠶᠣᠯ ᠤᠨ ᠰᠠᠶᠢᠨ ᠳᠤᠷᠠᠴᠤᠳ ᠤᠨ ᠲᠣᠭᠯᠠᠭᠰᠠᠨ ᠱᠢ ᠳᠠᠭᠤᠤᠷᠢᠯᠢᠭ ᠤᠨ ᠴᠥᠷᠭᠡᠯ ᠳᠠᠭᠤᠤ ᠨᠢ ᠥᠪᠡᠷᠮᠢᠴᠡ ᠤᠷᠠᠯᠢᠭ ᠤᠨ ᠲᠠᠲᠠᠬᠤ ᠬᠦᠴᠦᠨ ᠪᠠ ᠡᠯᠪᠡᠭ ᠪᠠᠶᠠᠯᠢᠭ ᠤᠷᠠᠯᠢᠭ ᠤᠨ ᠢᠯᠡᠷᠡᠬᠦ ᠬᠡᠯᠪᠡᠷᠢ ᠪᠠᠷ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠱᠢ ᠳᠠᠭᠤᠤᠷᠢᠯᠢᠭ ᠤᠨ ᠤᠷᠠᠯᠢᠭ ᠤᠨ ᠥᠪᠡᠷᠮᠢᠴᠡ ᠲᠠᠲᠠᠬᠤ ᠬᠦᠴᠦᠨ ᠤ ᠰᠢᠭᠤᠳ ᠲᠥᠷᠦᠭᠳᠡᠯ ᠢ ᠬᠦᠷᠲᠡᠭᠡᠪᠡ᠃ ︽ᠬᠤᠶᠠᠷ ᠭᠠᠵᠠᠷ ᠤᠨ ᠵᠣᠯᠭᠠᠯᠴᠠᠭᠤᠯᠭ᠎ᠠ  ᠠᠯᠲᠠ ᠮᠡᠲᠦ ᠦᠷ᠎ᠡ ᠪᠦᠲᠦᠭᠡᠯ︾ ᠭᠡᠬᠦ ᠰᠢᠯᠦᠭ ᠤᠶᠠᠩᠭᠠᠯᠠᠯ ᠨᠢ ᠮᠢ ᠶᠦᠨ ᠪᠣᠯᠤᠨ ᠬᠦᠷᠢᠶ᠎ᠡ ᠶᠢᠨ ᠬᠤᠭᠤᠷᠣᠨᠳᠣᠬᠢ ᠭᠦᠨ ᠵᠤᠵᠠᠭᠠᠨ ᠨᠥᠬᠦᠷᠯᠡᠯ ᠪᠣᠯᠤᠨ ᠡᠯᠪᠡᠭ ᠪᠠᠶᠠᠯᠢᠭ ᠬᠠᠮᠲᠤᠷᠠᠯᠴᠠᠭᠠᠨ ᠤ ᠦᠷ᠎ᠡ ᠪᠦᠲᠦᠭᠡᠯ ᠢ ᠭᠦᠨ ᠰᠡᠳᠬᠢᠯᠭᠡ ᠲᠠᠢ ᠪᠠᠷ ᠢᠯᠡᠷᠡᠭᠦᠯᠵᠦ᠂ ︽ᠲᠠᠪᠤᠨ ᠭᠤᠶᠤ ᠬᠡᠦᠬᠡᠨ ᠬᠦᠷᠢᠶ᠎ᠡ ᠪᠠᠷ ᠵᠣᠭᠠᠴᠠᠭᠰᠠᠨ ᠨᠢ︾ ᠭᠡᠬᠦ ᠲᠣᠭᠯᠠᠯᠲᠠ ᠨᠢ ᠦᠵᠡᠭᠴᠢᠳ ᠢ ᠬᠦᠳᠦᠯᠦᠨ ᠬᠦᠷᠢᠶ᠎ᠡ ᠶᠢᠨ ᠪᠠᠶᠢᠭᠠᠯᠢ ᠶᠢᠨ ᠰᠠᠶᠢᠬᠠᠨ ᠦᠵᠡᠮᠵᠢ ᠪᠣᠯᠤᠨ ᠥᠪᠡᠷᠮᠢᠴᠡ ᠭᠠᠶᠢᠬᠠᠮᠰᠢᠭ ᠢ ᠬᠠᠮᠲᠤ ᠳᠤᠨᠢ ᠣᠶᠢᠯᠠᠭᠠᠭᠤᠯᠪᠠ᠃    ᠲᠤᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠮᠢ ᠶᠦᠨ ᠲᠣᠭᠤᠷᠢᠭ ᠪᠣᠯᠤᠨ ᠬᠦᠷᠢᠶ᠎ᠡ ᠬᠤᠰᠢᠭᠤ ᠬᠤᠶᠠᠷ ᠭᠠᠵᠠᠷ ᠤᠨ ᠥᠪᠡᠷᠮᠢᠴᠡ ᠣᠨᠴᠠᠯᠢᠭ ᠲᠠᠢ ᠰᠢᠯᠢᠳᠡᠭ ᠤᠯᠠᠮᠵᠢᠯᠠᠯᠲᠤ ᠰᠣᠶᠣᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠬᠤᠶᠠᠷ ᠭᠠᠵᠠᠷ ᠤᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠲᠡᠨ ᠤ ᠬᠤᠭᠤᠷᠣᠨᠳᠣᠬᠢ ᠰᠣᠯᠢᠯᠴᠠᠭ᠎ᠠ ᠪᠣᠯᠤᠨ ᠪᠦᠯᠬᠦᠮᠳᠡᠯ ᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠪᠣᠯᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠬᠤᠶᠠᠷ ᠲᠠᠯ᠎ᠠ ᠶᠢᠨ ᠨᠡᠩ ᠤᠯᠠᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠬᠠᠮᠲᠤᠪᠠᠷ ᠡᠭᠦᠳᠬᠦ ᠳᠤ ᠬᠦᠴᠦᠨ ᠨᠡᠮᠡᠷᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠭᠠᠷ ᠬᠤᠯᠪᠣᠨ ᠪᠢᠴᠢᠭᠯᠡᠬᠦ ᠪᠣᠯᠤᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号