ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/28
    8 ᠰᠠᠷ᠎ᠠ ᠶᠢᠨ 26 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠤ ᠯᠢᠶᠠᠩ ᠶᠤᠸᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠣᠣ ᠭᠠᠩ ᠬᠤᠷᠠᠯ ᠳᠤ ᠣᠷᠣᠯᠴᠠᠵᠠᠶ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠲᠢᠶᠠᠨ ᠢ ᠡᠷᠭᠢᠯᠡᠪᠡ᠃    ᠬᠤᠷᠠᠯ ᠠᠴᠠ᠂ ᠲᠤᠰ ᠡᠭᠡᠯᠵᠢ ᠶᠢᠨ ᠴᠠᠭᠳᠠᠨ ᠪᠠᠶᠢᠴᠠᠭᠠᠯᠲᠠ ᠨᠢ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠦᠨᠳᠦᠰᠦᠨ ᠡᠭᠦᠷᠭᠡ ᠶᠢ ᠣᠨᠣᠪᠴᠢᠲᠠᠢ ᠡᠵᠡᠮᠳᠡᠵᠦ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠭᠦᠨᠵᠡᠭᠡᠢ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠴᠠᠭᠳᠠᠨ ᠪᠠᠶᠢᠴᠠᠭᠠᠯᠲᠠ ᠶᠢᠨ ᠪᠣᠳᠠᠲᠠᠢ ᠦᠷ᠎ᠡ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠦᠷᠢᠶ᠎ᠡ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠬᠢᠨᠠᠯᠲᠠ ᠲᠠᠯᠪᠢᠬᠤ ᠭᠤᠤᠯᠳᠠᠯᠭ᠎ᠠ ᠶᠢ ᠡᠵᠡᠮᠳᠡᠵᠦ᠂ ᠴᠠᠭᠳᠠᠨ ᠪᠠᠶᠢᠴᠠᠭᠠᠬᠤ ᠠᠵᠢᠯ ᠤᠨ ᠤᠯᠤᠰ ᠲᠥᠷᠥ ᠶᠢᠨ ᠴᠢᠭᠯᠡᠯ ᠢ ᠪᠠᠲᠤᠳᠬᠠᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠠᠬᠢᠭᠤᠯᠵᠤ᠂ ︽ᠠᠳᠠᠯᠢ ᠰᠡᠳᠦᠪ ᠢᠶᠠᠷ ᠬᠠᠮᠲᠤ ᠪᠠᠷ ᠬᠠᠷᠢᠭᠤᠯᠬᠤ︾ ᠣᠶᠢᠯᠠᠭᠠᠭᠳᠠᠬᠤᠨ ᠢ ᠴᠠᠭᠳᠠᠨ ᠪᠠᠶᠢᠴᠠᠭᠠᠬᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠴᠠᠭᠳᠠᠨ ᠪᠠᠶᠢᠴᠠᠭᠠᠬᠤ ᠪᠣᠯ ᠪᠡᠶ᠎ᠡ ᠶᠢᠨ ᠪᠠᠶᠢᠴᠠᠭᠠᠯᠲᠠ ᠪᠠ ᠡᠪᠡᠳᠴᠢᠨ ᠵᠠᠰᠠᠬᠤ᠂ ᠬᠠᠯᠠᠮᠵᠢᠯᠠᠨ ᠬᠠᠶᠢᠷᠠᠯᠠᠬᠤ ᠶᠠᠪᠤᠳᠠᠯ ᠮᠥᠨ ᠭᠡᠳᠡᠭ ᠢ ᠭᠦᠨᠵᠡᠭᠡᠶ ᠲᠠᠨᠢᠵᠤ᠂ ᠲᠣᠰ ᠡᠭᠡᠯᠵᠢ ᠶᠢᠨ ᠴᠠᠭᠳᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠭᠳᠠᠨ ᠪᠠᠶᠢᠴᠠᠭᠠᠬᠤ ᠠᠵᠢᠯ ᠤᠨ ᠲᠦᠷᠢᠮ︾ ᠢ ᠤᠯᠠᠮᠵᠢᠯᠠᠨ ᠰᠤᠷᠤᠯᠴᠠᠪᠠ︔ ︽ᠠᠷᠪᠠᠨ ᠭᠤᠷᠪᠠᠳᠤᠭᠠᠷ ᠬᠤᠭᠤᠴᠠᠭᠠᠨ ᠤ ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠲᠣᠭᠲᠠᠭᠠᠯ︾ ᠢ ᠨᠡᠶᠢᠲᠡᠯᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠳᠤ ᠲᠠᠪᠤᠨ ᠴᠠᠭᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠶᠠᠷ ᠰᠠᠷ᠎ᠠ ᠬᠠᠭᠠᠰ ᠤᠨ ᠬᠤᠭᠤᠴᠠᠭ᠎ᠠ ᠶᠢ ᠠᠰᠢᠭᠯᠠᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠵᠠᠰᠠᠭ ᠤᠨ ᠣᠷᠳᠣᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠬᠠᠮ ᠵᠠᠭᠤᠴᠢᠯᠠᠭᠤᠷ ᠤᠨ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ ᠵᠡᠷᠭᠡ 15 ᠰᠠᠯᠠᠭ᠎ᠠ ᠮᠥᠴᠢᠷ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠦᠷᠨᠢᠭᠦᠯᠦᠨ᠎ᠡ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号