︽ᠬᠦᠷᠢᠶ᠎ᠡ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ ︵ᠬᠦᠷᠢᠶ᠎ᠡ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ︶ ᠶᠢᠨ 2024 ᠣᠨ ᠤ ᠳᠣᠤᠷ᠎ᠠ ᠬᠠᠭᠠᠰ ᠵᠢᠯ ᠳᠤ ᠪᠠᠴᠢᠮ ᠬᠡᠷᠡᠭᠴᠡᠭᠡ ᠲᠠᠢ ᠳᠤᠲᠠᠭᠳᠠᠵᠤ | ᠪᠠᠶᠢᠭ᠎ᠠ ᠡᠮᠴᠢᠯᠡᠭᠡᠨ ᠤ ᠲᠤᠰᠬᠠᠶ ᠮᠡᠷᠭᠡᠵᠢᠯ ᠤᠨ ᠠᠵᠢᠯᠲᠠᠨ ᠢ ᠢᠯᠡ ᠪᠠᠷ ᠡᠯᠰᠡᠬᠦ ᠲᠤᠬᠠᠶ ᠠᠯᠪᠠᠨ ᠵᠠᠷ︾ ᠤᠨ | ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠪᠢᠷ ᠤᠨ ᠰᠢᠯᠭᠠᠯᠲᠠ ᠶᠢᠨ ᠬᠤᠯᠪᠣᠭᠳᠠᠯ ᠪᠥᠬᠦᠶ ᠤᠴᠢᠷ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠪᠢᠷ ᠤᠨ ᠰᠢᠯᠭᠠᠯᠲᠠ ᠶᠢᠨ ᠴᠠᠭ | ᠲᠤᠰ ᠤᠳᠠᠭᠠᠨ ᠤ ᠪᠢᠷ ᠤᠨ ᠰᠢᠯᠭᠠᠯᠲᠠ ᠶᠢ 2024 ᠣᠨ ᠤ 9 ᠰᠠᠷ᠎ᠠ ᠶᠢᠨ 8 ᠤ ᠡᠳᠦᠷ ᠶᠠᠪᠤᠭᠳᠠᠭᠤᠯᠤᠨ᠎ᠠ᠃ | | ᠬᠤᠶᠠᠷ᠂ ᠰᠢᠯᠭᠠᠭᠤᠯᠬᠤ ᠲᠡᠮᠲᠡᠭ ᠳᠠᠷᠤᠮᠠᠯᠯᠠᠬᠤ ᠴᠠᠭ ᠬᠤᠭᠤᠴᠠᠭ᠎ᠠ | ᠰᠢᠯᠭᠠᠭᠤᠯᠤᠭᠴᠢ 9 ᠰᠠᠷ᠎ᠠ ᠶᠢᠨ 6 ᠤ ᠡᠳᠦᠷ ᠤᠨ 8᠄ 30 —8 ᠤ ᠡᠳᠦᠷ ᠤᠨ 09᠄ 00 ᠨᠡᠷ᠎ᠡ | ᠮᠡᠳᠡᠭᠦᠯᠬᠦ ᠰᠢᠰᠲ᠋ᠧᠮ ᠤᠨ ᠰᠦᠯᠵᠢᠶ᠎ᠡ ︵http://kulun.pzhl.net/index.php︶ ᠳᠤ ᠭᠠᠷᠴᠤ᠂ | ᠥᠪᠡᠷ ᠢᠶᠠᠨ ᠪᠢᠷ ᠤᠨ ᠰᠢᠯᠭᠠᠯᠲᠠ ᠶᠢᠨ ᠰᠢᠯᠭᠠᠭᠤᠯᠬᠤ ᠲᠡᠮᠲᠡᠭ ᠢ ᠳᠠᠷᠤᠮᠠᠯᠯᠠᠬᠤ ᠶᠢᠨ ᠬᠠᠮᠲᠤ ᠲᠣᠬᠢᠲᠠᠶ ᠬᠠᠳᠠᠭᠠᠯᠠᠨ | ᠬᠠᠮᠢᠶᠠᠷᠴᠤ᠂ ᠪᠣᠳᠠᠲᠠᠶ ᠴᠠᠭ᠂ ᠭᠠᠵᠠᠷ ᠢ ᠰᠢᠯᠭᠠᠭᠤᠯᠬᠤ ᠲᠡᠮᠲᠡᠭ ᠲᠤ ᠨᠠᠷᠢᠨ ᠦᠵᠡᠭᠡᠷᠡᠢ᠃ | ᠭᠤᠷᠪᠠ᠂ ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠣᠷᠣᠬᠤ ᠳᠤ ᠳᠣᠤᠷᠠᠬᠢ ᠭᠡᠷᠡᠴᠢ ᠦᠨᠡᠮᠯᠡᠯ ᠢᠶᠠᠨ | ᠭᠠᠷᠭᠠᠵᠤ ᠦᠵᠡᠭᠦᠯᠬᠦ ᠬᠡᠷᠡᠭᠲᠡᠶ | 1. ᠬᠦᠴᠦᠨ ᠪᠦᠬᠦᠢ ᠬᠤᠭᠤᠴᠠᠭᠠᠨ ᠤ ᠳᠣᠲᠣᠷᠠᠬᠢ ᠪᠡᠶ᠎ᠡ ᠶᠢᠨ ᠦᠨᠡᠮᠯᠡᠯ ︵ᠬᠤᠶᠠᠳᠤᠭᠠᠷ ᠦᠶ᠎ᠡ ᠶᠢᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠺᠠᠷᠲ᠂ ᠫᠠᠰᠫᠣᠷᠲ︶᠃ | 2. ᠪᠢᠷ ᠤᠨ ᠰᠢᠯᠭᠠᠯᠲᠠ ᠶᠢᠨ ᠰᠢᠯᠭᠠᠭᠤᠯᠬᠤ ᠲᠡᠮᠲᠡᠭ᠃ | ᠳᠥᠷᠪᠡ᠂ ᠠᠩᠬᠠᠷᠬᠤ ᠵᠦᠢᠯ | 1. ᠰᠢᠯᠭᠠᠯᠲᠠ ᠶᠢᠨ ᠴᠡᠭ ᠤᠨ ᠣᠶᠢᠷ᠎ᠠ ᠬᠠᠪᠢ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠠᠪᠤᠭᠤᠯᠵᠤ᠂ | ᠰᠢᠯᠭᠠᠭᠤᠯᠤᠭᠴᠢ ᠲᠡᠷᠭᠡ ᠬᠥᠰᠬᠡ ᠪᠠᠨ ᠰᠢᠯᠭᠠᠯᠲᠠ ᠶᠢᠨ ᠴᠡᠭ ᠤᠨ ᠣᠶᠢᠷ᠎ᠠ ᠬᠠᠪᠢ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠣᠷᠣᠨ ᠤ ᠭᠠᠳᠠᠨ᠎ᠠ ᠵᠤᠭᠰᠤᠭᠠᠵᠤ᠂ ᠰᠢᠯᠭᠠᠯᠲᠠ ᠶᠢᠨ ᠴᠡᠭ ᠲᠤ ᠶᠠᠪᠠᠭᠠᠨ ᠢᠶᠠᠷ ᠣᠴᠢᠭᠠᠷᠠᠢ᠃ | 2. ᠰᠢᠯᠭᠠᠭᠤᠯᠤᠭᠴᠢ ᠰᠢᠯᠭᠠᠯᠲᠠ ᠡᠬᠢᠯᠡᠬᠦ ᠠᠴᠠ 1 ᠴᠠᠭ ᠤᠨ ᠡᠮᠦᠨ᠎ᠡ ᠰᠢᠯᠭᠠᠯᠲᠠ ᠶᠢᠨ ᠴᠡᠭ ᠲᠤ ᠬᠦᠷᠴᠦ᠂ | ᠲᠠᠯᠠᠪᠤᠷ ᠲᠤ ᠣᠷᠣᠬᠤ ᠶᠢ ᠰᠢᠯᠭᠠᠨ ᠪᠠᠲᠤᠯᠠᠭᠠᠷᠠᠢ︔ ᠦᠨᠡᠲᠦ ᠵᠦᠢᠯᠡᠰ ᠢᠶᠠᠨ ᠠᠪᠴᠤ ᠣᠷᠤᠵᠤ ᠪᠣᠯᠬᠤ ᠦᠭᠡᠢ᠂ | ᠭᠡᠭᠡᠭᠳᠡᠬᠦ ᠠᠴᠠ ᠵᠠᠶᠢᠯᠠᠰᠬᠢᠬᠦ ᠶᠢ ᠰᠠᠨᠠᠭᠤᠯᠤᠶ᠎ᠠ᠃ | 3. ᠰᠢᠯᠭᠠᠭᠤᠯᠤᠭᠴᠢ ᠰᠢᠯᠭᠠᠯᠲᠠ ᠶᠢᠨ ᠴᠠᠭ ᠤᠨ ᠶᠣᠰᠣᠭᠠᠷ ᠠᠶᠠᠯᠠᠯ ᠢᠶᠠᠨ ᠵᠦᠶ ᠵᠣᠬᠢᠰᠲᠠᠶ ᠲᠣᠬᠢᠷᠠᠭᠤᠯᠵᠤ᠂ | ᠭᠠᠳᠠᠷ ᠣᠷᠣᠨ ᠤ ᠰᠢᠯᠭᠠᠭᠤᠯᠤᠭᠴᠢ ᠬᠡᠷᠡᠭᠴᠡᠭᠡ ᠪᠠᠨ ᠦᠨᠳᠦᠰᠦᠯᠡᠨ ᠤᠷᠢᠳᠴᠢᠯᠠᠨ ᠬᠤᠨᠤᠭ ᠤᠨ ᠥᠷᠥᠭᠡ | ᠵᠠᠬᠢᠶᠠᠯᠠᠭᠠᠷᠠᠢ᠃ | ᠬᠠᠷᠢᠯᠴᠠᠬᠤ ᠤᠲᠠᠰᠤ᠄ 0475 - 4777564 | | | ᠬᠦᠷᠢᠶ᠎ᠡ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ︵ᠬᠦᠷᠢᠶ᠎ᠡ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ︶ 2024 ᠣᠨ ᠤ ᠳᠣᠤᠷ᠎ᠠ ᠬᠠᠭᠠᠰ ᠵᠢᠯ ᠳᠤ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ | ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠢ ᠢᠯᠡ ᠪᠠᠷ ᠡᠯᠰᠡᠬᠦ ᠠᠵᠢᠯ ᠤᠨ ᠤᠳᠤᠷᠢᠳᠬᠤ ᠳᠤᠭᠤᠢᠯᠠᠩ | 2024 ᠣᠨ ᠤ 8 ᠰᠠᠷ᠎ᠠ ᠶᠢᠨ 29 ᠤ ᠡᠳᠦᠷ | | |