10 ᠤ ᠡᠳᠦᠷ ᠤᠨ ᠦᠳᠡ ᠶᠢᠨ ᠬᠤᠶᠢᠨ᠎ᠠ ᠠᠴᠠ 11 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ | ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠱᠠᠨᠰᠢ ᠮᠤᠵᠢ ᠶᠢᠨ ᠪᠤᠣ ᠵᠢᠶ ᠬᠤᠲᠠ ᠪᠣᠯᠤᠨ ᠭᠠᠨᠰᠦ | ᠮᠤᠵᠢ ᠶᠢᠨ ᠲᠢᠶᠠᠨ ᠱᠦᠶ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ᠃ ᠪᠦᠦ ᠵᠢᠢ ᠬᠤᠳᠠ ᠳᠤ᠂ ᠰᠢ ᠶᠢᠨ ᠫᠢᠩ | ᠪᠣᠣ ᠵᠢᠢ ᠶᠢᠨ ᠬᠦᠷᠡᠯ ᠪᠠᠭᠠᠵᠢ ᠶᠢᠨ ᠮᠦᠽᠧᠢ᠂ ᠸᠧᠢ ᠡᡁᠧ ᠠᠮᠢ ᠠᠬᠤᠢ ᠶᠢᠨ ᠴᠡᠴᠡᠷᠯᠢᠭ ᠢ ᠰᠢᠨᠵᠢᠯᠡᠨ | ᠪᠠᠶᠢᠴᠠᠭᠠᠵᠤ᠂ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ | ᠴᠢᠩᠭᠠᠳᠬᠠᠭᠰᠠᠨ ᠪᠠ ᠸᠧᠢ ᠾᠧ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠥᠷᠨᠢᠭᠦᠯᠦᠭᠰᠡᠨ ᠵᠡᠷᠭᠡ | ᠪᠠᠶᠢᠳᠠᠯ ᠢ ᠣᠶᠢᠯᠠᠭᠠᠪᠠ᠃ ᠲᠢᠶᠠᠨ ᠱᠦᠢ ᠬᠤᠳᠠ ᠳᠤ᠂ ᠰᠢ ᠶᠢᠨ ᠫᠢᠩ ᠹᠦ᠋ ᠰᠢ ᠮᠢᠶᠤᠤ᠂ ᠮᠠᠢ ᠵᠢᠢ ᠲᠣᠭᠤᠷᠢᠭ ᠤᠨ | ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠭᠠᠵᠠᠷ᠂ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠶᠢ | ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠰᠣᠶᠣᠯ ᠤᠨ ᠥᠪ ᠢᠶᠠᠨ ᠬᠠᠮᠠᠭᠠᠯᠠᠨ ᠤᠯᠠᠮᠵᠢᠯᠠᠬᠤ ᠶᠢ | ᠠᠬᠢᠭᠤᠯᠤᠭᠰᠠᠨ᠂ ᠤᠨᠴᠠᠯᠢᠬᠳᠤ ᠤᠳᠤ ᠦᠶ᠎ᠡ ᠶᠢᠨ ᠠᠭᠤᠯᠠᠷᠬᠠᠭ ᠣᠷᠣᠨ ᠤ ᠵᠢᠮᠢᠰ ᠤᠨ ᠦᠢᠯᠡᠰ ᠢ | ᠬᠥᠭᠵᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ | | | | | | | |